ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/2
      11 ᠰᠠᠷ᠎ᠠ ᠶᠢᠨ 23 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠥᠬᠦ ᠪᠦᠷᠢᠯᠳᠦᠬᠦᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠬᠠᠶ ᠪᠤᠤ ᠬᠤᠷᠠᠯ ᠡᠷᠭᠢᠯᠡᠪᠡ᠃      ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ  ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠨᠠᠮ ᠤᠨ ᠰᠤᠷᠭᠠᠭᠤᠯᠢ ᠶᠢᠨ ᠪᠠᠭᠰᠢ ᠵᠣᠷᠢᠭᠲᠤ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠶ ᠲᠠᠶᠢᠯᠪᠤᠷᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠪᠠ ᠪᠠᠶᠢᠭᠤᠯᠭ᠎ᠠ ᠶᠢᠨ ᠪᠥᠬᠦ ᠺᠠᠳ᠋ᠷ ᠠᠵᠢᠯᠲᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠪᠠᠷᠢᠮᠲᠠᠯᠠᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠤᠬᠡᠨ ᠡᠭᠦᠷᠭᠡᠲᠦ ᠰᠡᠳᠬᠢᠯᠭᠡ ᠪᠠᠷ ᠵᠣᠷᠢᠭ ᠰᠠᠨᠠᠭᠠᠨ ᠤ ᠮᠥᠨ ᠴᠢᠨᠠᠷ ᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠭᠦᠨᠵᠡᠭᠡᠶ ᠡᠵᠡᠮᠳᠡᠨ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠢᠯᠡᠳᠬᠡᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ︿︿ᠬᠤᠶᠠᠷ ᠢ ᠲᠤᠭᠲᠠᠬᠠᠬᠤ﹀﹀ ᠶᠢ ᠡᠷᠡᠰ ᠬᠦᠷᠢᠶᠡᠯᠡᠨ᠂ ︿︿ᠳᠥᠷᠪᠡᠨ ᠢᠲᠡᠭᠡᠯ﹀﹀ ᠢᠶᠠᠨ ᠴᠢᠩᠭᠠᠳᠬᠠᠵᠤ᠂ ︿︿ᠳᠥᠷᠪᠡᠨ ᠤᠬᠠᠮᠰᠠᠷ﹀﹀ ᠢ ᠪᠠᠷᠢᠮᠲᠠᠯᠠᠨ᠂ ︿︿ᠬᠤᠶᠠᠷ ᠢ ᠬᠠᠮᠠᠭᠠᠯᠠᠬᠤ﹀﹀ ᠶᠢ ᠪᠡᠶᠡᠯᠡᠬᠦᠯᠵᠦ᠂ ᠤᠭ ᠵᠣᠬᠢᠶᠠᠯ ᠢ ᠰᠤᠷᠤᠯᠴᠠᠵᠤ᠂ ᠤᠭ ᠵᠣᠬᠢᠶᠠᠯ ᠢ ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ᠂ ᠲᠤᠰᠬᠠᠶ ᠰᠡᠳᠦᠪ ᠢᠶᠠᠷ ᠶᠠᠷᠢᠯᠴᠠᠬᠤ᠂ ᠰᠣᠯᠢᠯᠴᠠᠨ ᠬᠤᠪᠢᠶᠠᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠭᠦᠨᠵᠡᠭᠡᠶ ᠰᠤᠷᠤᠯᠴᠠᠵᠤ ᠨᠡᠪᠲᠡᠷᠡᠲᠡᠯ᠎ᠡ ᠰᠤᠷᠤᠯᠴᠠᠵᠦ᠂ ᠤᠳᠤᠷᠢᠳᠬᠤ ᠺᠠᠳ᠋ᠷᠴᠤᠳ ᠲᠦᠷᠦᠭᠦᠯᠡᠨ ᠰᠤᠷᠦᠯᠴᠡᠵᠦ᠂ ᠨᠢᠭᠡ ᠱᠡᠳᠦ ᠨᠢ ᠨᠢᠭᠡ ᠱᠡᠳᠦ ᠳᠠᠭᠠᠨ ᠵᠢᠱᠢᠶ᠎ᠡ ᠦᠵᠡᠭᠦᠯᠵᠦ᠂ ᠨᠢᠭᠡ ᠱᠡᠳᠦ ᠨᠢ ᠨᠢᠭᠡ ᠱᠡᠳᠦ ᠪᠠᠨ ᠲᠡᠶᠢᠴᠢᠯᠡᠠ ᠰᠤᠷᠦᠯᠴᠡᠵᠦ᠂  ᠪᠦᠬᠦ ᠬᠤᠰᠢᠭᠤᠨ ᠤ ᠠᠷᠠᠳ ᠤᠨ ᠲᠥᠯᠦᠭᠡᠯᠡᠭᠴᠢ ᠪᠣᠯᠣᠨ  ᠪᠠᠶᠢᠭᠤᠯᠭ᠎ᠠ  ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠰᠤᠷᠦᠯᠴᠡᠬᠤ ᠥᠷᠨᠢᠯᠲᠡ ᠶᠢ ᠦᠳᠲᠡᠷ ᠲᠦᠷᠭᠡᠨ ᠭᠠᠷᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠮᠠᠨ ᠤ ᠬᠤᠰᠢᠭᠤᠨ ᠤ ᠳᠥᠯᠭᠢᠨ ᠠᠬᠢᠭᠤᠯᠵᠤ ᠪᠠᠶᠢᠭ᠎ᠠ ᠡᠯ᠎ᠡ ᠲᠥᠷᠥᠯ ᠤᠨ ᠠᠵᠢᠯ ᠲᠠᠢ ᠨᠢᠭᠲᠠ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠪᠣᠶ ᠪᠣᠯᠭᠠᠵᠤ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠨ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠠᠷᠠᠯᠲᠠ ᠡᠭᠦᠷᠭᠡ ᠪᠠᠨ ᠪᠡᠶᠡᠯᠡᠭᠦᠯᠬᠦ ᠪᠣᠳᠠᠲᠤ ᠠᠵᠢᠯᠯᠠᠭ᠎ᠠ ᠳᠤᠮᠳᠠ ᠨᠠᠶᠢᠲᠠᠪᠤᠷᠢᠵᠢᠭᠤᠯᠵᠦ᠂ ᠰᠤᠷᠤᠯᠴᠠᠯᠭ᠎ᠠ ᠶᠢᠨ ᠰᠠᠭᠤᠷᠢᠨ ᠳᠡᠭᠡᠷ᠎ᠡ᠂ ᠪᠣᠳᠠᠲᠠᠢ ᠲᠠᠢ ᠤᠶᠠᠯᠳᠤᠭᠤᠯᠤᠨ᠂ ᠨᠠᠷᠢᠨ ᠬᠢᠨᠠᠮᠠᠭᠠᠢ ᠪᠣᠳᠣᠯᠬᠢᠯᠠᠵᠤ᠂ ᠰᠤᠳᠤᠯᠭᠠᠨ ᠢᠶᠠᠨ ᠴᠢᠩᠭᠠᠳᠬᠠᠨ᠂ ᠣᠳᠣᠬᠠᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠭᠦᠨᠵᠡᠭᠡᠢ ᠵᠠᠳᠠᠯᠵᠤ᠂ ᠬᠥᠭᠵᠢᠯᠲᠡ ᠶᠢᠨ ᠳᠤᠮᠳᠠ ᠰᠢᠨ᠎ᠡ ᠰᠡᠳᠬᠢᠴᠡ ᠶᠢ ᠪᠤᠢ ᠪᠣᠯᠭᠠᠬᠤ ᠪᠠᠷ ᠴᠢᠷᠮᠠᠶᠢᠵᠤ᠂ ᠥᠭᠡᠷᠡᠴᠢᠯᠡᠯᠲᠡ ᠶᠢᠨ ᠳᠤᠮᠳᠠ ᠰᠢᠨ᠎ᠡ ᠰᠢᠪᠲᠤᠯᠤᠯᠲᠠ ᠶᠢ ᠡᠷᠢᠯᠬᠢᠯᠡᠨ᠂ ᠨᠡᠭᠡᠭᠡᠯᠲᠡ ᠶᠢᠨ ᠳᠤᠮᠳᠠ ᠰᠢᠨ᠎ᠡ ᠪᠠᠶᠢᠳᠠᠯ ᠢ ᠡᠭᠦᠳᠴᠦ᠂ ᠡᠯ᠎ᠡ ᠵᠦᠢᠯ ᠤᠨ ᠠᠵᠢᠯ ᠤᠨ ᠳᠤᠮᠳᠠ ᠰᠢᠨ᠎ᠡ ᠠᠷᠭ᠎ᠠ ᠠᠪᠴᠠᠯ ᠢ ᠢᠯᠡᠷᠡᠭᠦᠯᠦᠨ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠠᠢ᠃      ᠪᠠᠭᠠᠲᠤᠷ ᠴᠢᠬᠤᠯᠠᠴᠢᠯᠠᠬᠤ ᠳᠠᠭᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠤᠬᠠᠭᠤᠯᠤᠨ ᠲᠠᠶᠢᠯᠪᠤᠷᠢᠯᠠᠬᠤ᠂ ᠣᠯᠠᠨ ᠲᠦᠮᠡᠨ ᠲᠠᠢ ᠬᠠᠷᠢᠯᠴᠠᠵᠤ ᠦᠶᠯᠡᠴᠢᠯᠡᠬᠦ ᠭᠤᠷᠪᠠᠨ ᠦᠶᠯᠡᠳᠦᠯ ᠢᠶᠠᠨ ᠭᠦᠶᠴᠡᠳ  ᠪᠠᠲᠠᠷᠠᠭᠤᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯ᠎ᠠ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ︿︿ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠤᠶᠤᠨᠴᠢ ᠲᠠᠪᠴᠠᠩ﹀﹀ ᠢᠶᠠᠷ ᠲᠠᠮᠵᠢᠨ᠂ ᠰᠦᠯᠵᠢᠶᠡᠨ ᠳᠡᠭᠡᠷ᠎ᠡ ᠪᠠᠶᠢᠩᠭᠤ ᠰᠤᠷᠤᠯᠴᠠᠬᠤ ᠪᠠ ᠰᠦᠯᠵᠢᠶᠡᠨ ᠭᠠᠳᠠᠨ᠎ᠠ ᠲᠥᠪᠯᠡᠷᠡᠭᠦᠯᠦᠨ ᠰᠤᠷᠤᠯᠴᠠᠬᠤ  ᠶᠢ ᠤᠶᠠᠯᠲᠤᠭᠤᠯᠤᠨ᠂ ᠤᠷᠢᠲᠠᠪᠡᠷ ᠰᠤᠷᠤᠯᠴᠠᠵᠤ᠂ ᠭᠦᠨᠵᠡᠭᠡᠶ ᠰᠤᠷᠤᠯᠴᠠᠨ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠰᠣᠩᠭᠤᠭᠤᠯᠢ ᠶᠢᠨ ᠲᠣᠭᠤᠷᠢᠭ ᠲᠤ ᠭᠦᠨᠵᠡᠭᠡᠶᠢᠷᠡᠨ ︿︿ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ﹀﹀ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠠᠷᠠᠳ ᠣᠯᠠᠨ ᠤ ᠨᠡᠶᠢᠳᠡᠮ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠶᠠᠷᠢᠵᠤ᠂ ᠣᠯᠠᠨ ᠲᠦᠮᠡᠨ ᠳᠤ ᠣᠶᠢᠯᠠᠭᠠᠭᠤᠯᠤᠨ ᠡᠵᠡᠮᠰᠢᠭᠦᠯᠵᠦ᠂ ᠨᠠᠶᠢᠳᠠᠪᠦᠷᠢᠵᠢᠭᠤᠯᠬᠤ ᠬᠡᠷᠡᠭᠲᠡᠢ᠃ ᠪᠦᠬᠦ ᠬᠤᠰᠢᠭᠤᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠡᠷᠬᠡᠪᠰᠢ ᠠᠷᠠᠳ ᠤᠨ ᠲᠥᠯᠥᠭᠡᠯᠡᠭᠴᠢᠳ  ᠤᠨ ᠰᠣᠩᠭᠤᠭᠤᠯᠢ ᠶᠢᠨ ᠠᠷᠠᠳ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ ᠲᠦᠮᠡᠨ ᠲᠠᠢ ᠨᠡᠩ ᠰᠠᠶᠢᠨ ᠬᠠᠷᠢᠯᠴᠠᠵᠤ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠠᠭᠤᠰᠤᠯᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠶᠠᠪᠤᠴᠠ ᠶᠢᠨ ᠠᠷᠠᠳᠴᠢᠯᠠᠯ ᠢ ᠦᠢᠯᠡᠳᠦᠯᠭᠡᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠤᠯᠬᠤ ᠶᠢ ᠠᠬᠢᠭᠤᠯᠬᠤ ᠬᠡᠷᠡᠭᠲᠡᠢ ᠭᠡᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号