11 ᠰᠠᠷ᠎ᠠ ᠶᠢᠨ 22 ᠤᠨ ᠡᠳᠦᠷ᠂ ᠮᠠᠨ ᠤ ᠬᠤᠰᠢᠭᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ | ᠬᠤᠷᠠᠯᠳᠤᠭᠠᠨ ᠤ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠦᠬᠡ ᠬᠤᠷᠠᠯ ᠢ ᠡᠷᠭᠢᠯᠡᠵᠦ | ᠂ ᠳᠡᠳ᠋ ᠬᠤᠰᠢᠭᠤ ᠳᠠᠷᠤᠭ᠎ᠠ ᠶᠣᠣ ᠬᠠᠶ ᠰᠢᠶᠠ ᠪᠣᠯᠣᠨ ᠬᠤᠰᠢᠭᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ | ᠬᠤᠷᠠᠯᠳᠤᠭᠠᠨ ᠤ ᠡᠯ᠎ᠡ ᠪᠦᠷᠢᠯᠳᠦᠬᠦᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠵᠢᠴᠢ | ᠬᠠᠮᠲᠤᠷᠠᠭᠰᠠᠨ ᠬᠤᠷᠠᠯᠳᠤᠭᠠᠨ ᠤ ᠠᠯᠪᠠᠨ ᠬᠡᠷ ᠤᠨ ᠠᠵᠢᠯᠲᠠᠳ ᠬᠤᠷᠠᠯ ᠳᠤ ᠤᠷᠤᠯᠴᠠᠵᠠᠢ᠃ | ᠬᠤᠷᠠᠯ ᠠᠴᠠ ᠲᠥᠪ ᠤᠨ ᠳᠤᠮᠳᠠ ᠤᠷᠳᠤ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠭᠠᠵᠠᠷ ᠤᠨ ᠬᠠᠮᠲᠤᠷᠠᠭᠰᠠᠨ ᠬᠤᠷᠠᠯᠳᠤᠭᠠᠨ ᠤ ᠳᠥᠷᠪᠡᠳᠦᠭᠡᠷ | ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠰᠢᠯᠢ ᠶᠢᠨ ᠭᠤᠣᠯ ᠠᠶᠢᠮᠠᠭ ᠤᠨ ᠵᠠᠯᠠᠭᠤᠴᠤᠳ ᠤᠨ ᠠᠵᠢᠯ ᠤᠨ | ᠬᠠᠮᠲᠤᠷᠠᠭᠰᠠᠨ ᠬᠤᠷᠠᠯᠳᠤᠭᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠠᠢ᠃ | ᠬᠤᠷᠠᠯ ᠳᠤ᠂ ᠬᠤᠰᠢᠭᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠠᠯᠪᠠᠨ ᠬᠡᠷ᠂ ᠬᠤᠰᠢᠭᠤ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ | ᠪᠣᠯᠤᠨ ᠤᠯᠢᠶᠠᠰᠤᠲᠠᠢ ᠪᠠᠯᠭᠠᠰᠤ ᠶᠢᠨ ᠬᠠᠷᠢᠭᠤᠴᠠᠯᠭᠠᠳᠠᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠤᠮᠳᠠ ᠣᠷᠳᠣ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ︵2018— | 2025 ᠣᠨ︶︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠲᠤᠰ ᠲᠤᠰ ᠬᠠᠷᠢᠭᠤ ᠮᠡᠳᠡᠭᠦᠯᠪᠡ᠃ | ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠪᠦᠷᠢᠯᠳᠦᠬᠦᠨ ᠨᠢᠭᠡᠴᠡ ᠶᠢᠨ ᠬᠢᠨ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ | ᠴᠢᠬᠤᠯᠠ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠤᠨ ᠵᠣᠷᠢᠭ ᠰᠠᠨᠠᠭᠠᠨ ᠤ ᠮᠥᠨ ᠴᠢᠨᠠᠷ ᠢ | ᠭᠦᠨᠵᠡᠭᠡᠢ ᠰᠤᠷᠤᠯᠴᠠᠨ ᠡᠵᠡᠮᠰᠢᠵᠦ᠂ ︽ᠲᠥᠯᠥᠪᠵᠢᠭᠦᠯᠭᠡ︾ ᠶᠢᠨ ᠨᠠᠮ ᠤᠨ ᠵᠠᠯᠠᠭᠤᠴᠤᠳ ᠤᠨ ᠠᠵᠢᠯ ᠢ ᠰᠠᠶᠢᠲᠤᠷ | ᠬᠢᠬᠦ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠠᠴᠠ ᠵᠠᠯᠠᠭᠤᠴᠤᠳ ᠢ | ᠬᠠᠮᠢᠶᠠᠷᠬᠤ ᠵᠠᠷᠴᠢᠮ ᠢ ᠢᠮᠠᠭᠲᠠ ᠪᠠᠷᠢᠮᠲᠠᠯᠠᠵᠤ᠂ ᠵᠠᠯᠠᠭᠤᠴᠤᠳ ᠤᠨ ᠦᠰᠦᠨ ᠪᠤᠶᠢᠵᠢᠬᠤ ᠣᠷᠴᠢᠨ ᠲᠣᠭᠤᠷᠢᠨ ᠢ | ᠰᠢᠯᠢᠳᠡᠭᠵᠢᠭᠦᠯᠬᠦ᠂ ᠵᠠᠯᠠᠭᠤᠴᠤᠳ ᠤᠨ ᠲᠤᠯᠭᠠᠮ᠎ᠠ ᠬᠡᠷᠡᠭᠴᠡᠭᠡ ᠳᠤ ᠦᠢᠯᠡᠴᠢᠯᠡᠬᠦ᠂ ᠵᠠᠯᠠᠭᠤᠴᠤᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ᠂ ᠵᠠᠯᠠᠭᠤᠴᠤᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ | ᠲᠠᠯ᠎ᠠ ᠪᠠᠷ ᠬᠦᠴᠦᠯᠡᠨ ᠴᠢᠷᠮᠠᠶᠢᠵᠤ᠂ ︽ᠲᠥᠯᠥᠪᠵᠢᠭᠦᠯᠭᠡ︾ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ | ᠡᠭᠦᠷᠭᠡ ᠶᠢ ᠪᠦᠬᠦ ᠲᠠᠯ᠎ᠠ ᠪᠠᠷ ᠰᠠᠶᠢᠲᠤᠷ ᠬᠡᠷᠡᠭᠵᠢᠭᠦᠯᠬᠦ ᠬᠡᠷᠡᠭᠲᠡᠢ᠃ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ | ᠲᠦᠷᠦᠭᠦᠯᠡᠨ ᠠᠳᠬᠤᠬᠤ ᠶᠡᠷᠦᠩᠬᠡᠢ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ ᠤᠨ | ᠠᠵᠢᠯ ᠯᠤᠭ᠎ᠠ ᠶᠢᠨ ᠵᠣᠯᠭᠠᠯᠴᠠᠭ᠎ᠠ᠂ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠮᠥᠷᠳᠡᠨ | ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢᠨ | ᠭᠦᠨᠵᠡᠭᠡᠢ ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠢ ᠭᠡᠪᠡ᠃ | |