︽12·9︾ ᠤ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠬᠥᠳᠡᠯᠭᠡᠭᠡᠨ ᠢ ᠳᠤᠷᠠᠰᠬᠠᠵᠤ᠂ ᠥᠷᠭᠡᠨ | ᠣᠯᠠᠨ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠤᠷᠮ᠎ᠠ ᠰᠡᠳᠬᠢᠯᠭᠡ ᠶᠢ ᠤᠯᠠᠮ ᠨᠢᠭᠡ ᠠᠯᠬᠤᠮ ᠬᠦᠭᠵᠢᠭᠡᠨ᠂ | ᠰᠤᠷᠭᠠᠭᠤᠯᠢ ᠶᠢᠨ ᠨᠡᠷᠡᠨ ᠭᠡᠷᠡᠯᠲᠦ ᠪᠡᠶ᠎ᠡ ᠲᠠᠮᠢᠷ ᠤᠨ ᠡᠪᠦᠯ ᠤᠨ ᠤᠯᠠᠷᠢᠯ ᠤᠨ ᠬᠤᠯᠠ ᠭᠦᠶᠦᠬᠦ ᠬᠥᠳᠡᠯᠭᠡᠭᠡᠨ ᠢ | ᠥᠷᠭᠡᠨ ᠢᠶᠠᠷ ᠥᠷᠨᠢᠭᠦᠯᠵᠦ᠂ ᠰᠤᠷᠤᠭᠴᠢᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠶᠢᠨ ᠲᠥᠯᠥᠭᠡ᠂ 11 | ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠰᠢᠭᠤᠨ ᠤ ᠶᠡᠷᠦᠩᠬᠡᠶᠢᠯᠡᠭᠰᠡᠨ ᠳᠡᠭᠡᠳᠤ ᠵᠡᠷᠭᠡ | ᠶᠢᠨ ᠳᠤᠮᠳᠠᠳᠤ ᠰᠤᠷᠭᠠᠭᠤᠯᠢ ᠨᠢ ︽12·9︾ ᠤ ᠬᠥᠳᠡᠯᠭᠡᠭᠡᠨ ᠢ ᠳᠤᠷᠠᠰᠬᠠᠬᠤ ᠬᠡᠭᠡᠷᠯᠡᠨ ᠭᠦᠶᠦᠬᠦ | ᠤᠷᠤᠯᠳᠤᠭᠠᠨ ᠦᠷᠨᠢᠭᠦᠯᠵᠡᠢ᠃ | | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ ᠡᠷᠡᠭᠲᠡᠶ ᠶᠢᠨ ᠳᠤᠭᠤᠶᠢᠯᠠᠩ ᠤᠨ 284 | ᠰᠣᠷᠣᠭᠴᠢ ᠪᠠ ᠡᠮᠡᠭᠲᠡᠶ ᠶᠢᠨ ᠳᠤᠭᠤᠶᠢᠯᠠᠩ ᠤᠨ 272 ᠰᠣᠷᠣᠭᠴᠢ ᠣᠷᠣᠯᠴᠠᠵᠤ᠂ ᠡᠷᠡᠭᠲᠡᠶ ᠶᠢᠨ ᠳᠤᠭᠤᠶᠢᠯᠠᠩ ᠤᠨ | ᠭᠦᠶᠦᠬᠦ ᠪᠥᠬᠦ ᠣᠷᠳᠣ ᠨᠢ 5000 ᠮᠧᠲᠷ᠂ ᠡᠮᠡᠭᠲᠡᠶ ᠶᠢᠨ ᠳᠤᠭᠤᠶᠢᠯᠠᠩ ᠤᠨ ᠭᠦᠶᠦᠬᠦ ᠪᠥᠬᠦ ᠣᠷᠳᠣ ᠨᠢ 4000 | ᠮᠧᠲᠷ ᠪᠣᠯᠤᠨ᠎ᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠦᠨᠳᠦᠷ ᠬᠤᠶᠠᠷ ᠤᠨ ᠰᠣᠶᠣᠯ | ᠤᠷᠠᠯᠢᠭ ᠤᠨ ᠠᠩᠭᠢ ᠶᠢᠨ ᠴᠦᠨ ᠬᠤᠸᠠ ᠡᠮᠡᠭᠲᠡᠶ ᠶᠢᠨ ᠳᠤᠭᠤᠶᠢᠯᠠᠩ ᠳᠤ ᠲᠡᠷᠢᠭᠦᠯᠡᠵᠦ᠂ ᠦᠨᠳᠦᠷ ᠨᠢᠭᠡ ᠶᠢᠨ | ᠳᠥᠷᠪᠡᠳᠦᠭᠡᠷ ᠠᠩᠭᠢ ᠶᠢᠨ ᠰᠤᠷᠢᠶ᠎ᠠ ᠡᠷᠡᠭᠲᠡᠶ ᠶᠢᠨ ᠳᠤᠭᠤᠶᠢᠯᠠᠩ ᠳᠤ ᠲᠡᠷᠢᠭᠦᠯᠡᠵᠡᠢ᠃ | | | | ᠲᠣᠰ ᠤᠳᠠᠭᠠᠨ ᠤ ᠬᠡᠭᠡᠷᠯᠡᠨ ᠬᠦᠶᠦᠬᠦ ᠤᠷᠤᠯᠳᠤᠭᠠᠨ ᠨᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ᠂ ᠪᠦᠯᠬᠦᠮᠳᠡᠨ ᠲᠡᠮᠡᠴᠡᠬᠦ ᠵᠣᠷᠢᠭ ᠰᠠᠨᠠᠭ᠎ᠠ ᠶᠢ ᠠᠬᠢᠭᠤᠯᠤᠭᠰᠠᠨ ᠢᠶᠠᠷ ᠪᠠᠷᠠᠬᠤ ᠥᠬᠡᠶ᠂ ᠬᠤᠰᠢᠭᠤ | ᠶᠡᠷᠦᠩᠬᠡᠶᠢᠯᠡᠭᠰᠡᠨ ᠳᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠤᠭ ᠵᠢᠪᠬᠤᠭ᠎ᠠ ᠪᠠᠳᠠᠷᠠᠩᠭᠤᠶ᠂ ᠢᠳᠡᠪᠬᠢᠲᠡᠶ | ᠥᠭᠡᠳᠡᠯᠡᠨ ᠳᠠᠪᠰᠢᠬᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ | | | | | |