ᠵᠡᠭᠦᠨ ᠦᠵᠦᠮᠦᠴᠢᠨ ᠬᠤᠰᠢᠭᠤᠨ ᠤ 1 — 10 ᠳ᠋ᠤᠭᠠᠷ ᠰᠠᠷ᠎ᠠ ᠶᠢᠨ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠬᠡᠮᠵᠢᠶ᠎ᠡ ᠶᠢᠨ ᠪᠠᠶᠢᠳᠠᠯ
ᠨᠡᠶᠢᠲᠡᠯᠡᠭᠰᠡᠨ ᠴᠠᠭ᠄
2022/12/2
      ᠨᠢᠭᠡ᠂ ᠵᠡᠭᠦᠨ ᠬᠠᠲᠠᠪᠴᠢ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ      2022 ᠣᠨ ᠤ 1 — 10 ᠰᠠᠷ᠎ᠠ ᠳᠤ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠨᠡᠶᠢᠲᠡ 4.95 ᠲᠦᠮᠡᠨ ᠲᠣᠨ ᠳᠤ ᠬᠦᠷᠪᠡ᠃ ᠭᠠᠳᠠᠭᠠᠳᠤ ᠠᠴᠠ ᠣᠷᠣᠭᠤᠯᠤᠭᠰᠠᠨ ᠡᠳ᠋ ᠪᠠᠷᠠᠭ᠎ᠠ 3.6 ᠲᠦᠮᠡᠨ ᠲᠣᠨ︔ ᠭᠠᠳᠠᠭᠠᠳᠤ ᠳᠤ ᠭᠠᠷᠭᠠᠭᠰᠠᠨ ᠡᠳ᠋ ᠪᠠᠷᠠᠭ᠎ᠠ 1.35 ᠲᠦᠮᠡᠨ ᠲᠣᠨ ᠳᠤ ᠬᠦᠷᠪᠡ᠃      ᠬᠤᠶᠠᠷ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠶᠢᠳᠠᠯ      ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠥᠷᠲᠡᠭ 2756.20 ᠲᠦᠮᠡᠨ ᠠᠷᠠᠳ ᠤᠨ ᠵᠣᠭᠤᠰ︔ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ ᠦᠷᠳᠡᠭ 628.98 ᠲᠦᠮᠡᠨ ᠠᠷᠠᠳ ᠤᠨ ᠵᠣᠭᠤᠰ᠂ ᠭᠠᠳᠠᠭᠠᠳᠤ ᠳᠤ ᠭᠠᠷᠭᠠᠭᠰᠠᠨ ᠪᠠᠷᠠᠭᠠᠨ ᠤ ᠦᠷᠳᠡᠭ 2154.32 ᠳ᠋ᠦᠩᠰᠢᠭᠤᠷ ᠳ᠋ᠣᠯᠯᠠᠷ ᠲᠤ ᠬᠦᠷᠪᠡ᠃      ᠭᠤᠷᠪᠠ᠂ ᠬᠢᠯᠢ ᠪᠠᠷ ᠣᠷᠣᠵᠤ ᠭᠠᠷᠤᠭᠰᠠᠨ ᠬᠥᠮᠦᠰ᠂ ᠲᠡᠷᠭᠡ ᠬᠥᠰᠬᠡ ᠶᠢᠨ ᠪᠠᠶᠢᠳᠠᠯ      ᠬᠢᠯᠢ ᠪᠠᠷ ᠣᠷᠣᠵᠤ ᠭᠠᠷᠤᠭᠰᠠᠨ ᠬᠥᠮᠦᠰ ᠤᠨ ᠪᠠᠶᠢᠳᠠᠯ᠃ 1 — 10 ᠰᠠᠷ᠎ᠠ ᠳᠤ᠂ ᠬᠢᠯᠢ ᠪᠠᠷ ᠣᠷᠣᠵᠤ ᠭᠠᠷᠤᠭᠰᠠᠨ ᠬᠥᠮᠦᠰ ᠤᠨ ᠲᠤᠭ᠎ᠠ 0.18 ᠲᠦᠮᠡᠨ ᠬᠥᠮᠦᠨ ᠤᠳᠠᠭ᠎ᠠ ᠳᠤ ᠬᠥᠷᠪᠡ᠃ ᠡᠭᠦᠨ ᠳᠤ ᠬᠢᠯᠢ ᠪᠠᠷ ᠣᠷᠣᠭᠰᠠᠳ 0.09 ᠲᠦᠮᠡᠨ ᠬᠥᠮᠦᠨ ᠤᠳᠠᠭ᠎ᠠ ᠳᠤ ᠬᠦᠷᠪᠡ︔ ᠬᠢᠯᠢ ᠠᠴᠠ ᠭᠠᠷᠤᠭᠰᠠᠳ 0.09 ᠬᠥᠮᠦᠨ ᠤᠳᠠᠭ᠎ᠠ ᠳᠤ ᠬᠦᠷᠪᠡ᠃ ᠬᠢᠯᠢ ᠪᠠᠷ ᠣᠷᠣᠵᠤ ᠭᠠᠷᠤᠭᠰᠠᠨ ᠲᠡᠷᠭᠡ ᠬᠥᠰᠬᠡ ᠶᠢᠨ ᠪᠠᠶᠢᠳᠠᠯ᠃ 1 — 10 ᠰᠠᠷ᠎ᠠ ᠳᠤ᠂ ᠬᠢᠯᠢ ᠪᠠᠷ ᠣᠷᠣᠵᠤ ᠭᠠᠷᠤᠭᠰᠠᠨ ᠲᠡᠷᠭᠡ 0.18 ᠲᠦᠮᠡᠨ ᠤᠳᠠᠭ᠎ᠠ ᠪᠠᠶᠢᠪᠠ᠃ ᠡᠭᠦᠨ ᠳᠤ ᠬᠢᠯᠢ ᠪᠠᠷ ᠣᠷᠤᠭᠰᠠᠨ ᠮᠠᠰᠢᠨ ᠲᠡᠷᠭᠡ 0.09 ᠤᠳᠠᠭ᠎ᠠ︔ ᠬᠢᠯᠢ ᠠᠴᠠ ᠭᠠᠷᠤᠭᠰᠠᠨ ᠲᠡᠷᠭᠡ 0.09 ᠤᠳᠠᠭ᠎ᠠ ᠳᠤ ᠬᠦᠷᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号