2022 ᠣᠨ ᠤ ᠡᠪᠡᠰᠦ ᠬᠠᠳᠤᠵᠤ ᠬᠠᠳᠠᠭᠠᠯᠠᠬᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ  ᠴᠢᠩᠭᠠᠳᠬᠠᠬᠤ ᠲᠤᠬᠠᠶ ᠵᠡᠭᠦᠨ ᠣᠢᠵᠣᠮᠣᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/12/5
      ᠬᠠᠳᠤᠯᠠᠩ ᠢ ᠦᠷᠭᠦᠯᠵᠢᠯᠡᠨ ᠠᠰᠢᠭᠯᠠᠵᠤ᠂ ᠠᠰᠢᠭᠯᠠᠯᠲᠠ ᠶᠢᠨ ᠬᠡᠮᠵᠢᠶ᠎ᠡ ᠶᠢ ᠨᠢ ᠳᠡᠭᠡᠭᠰᠢᠯᠡᠬᠦᠯᠦᠨ᠂ ᠰᠢᠨᠵᠢᠯᠡᠬᠦ ᠤᠬᠠᠭᠠᠨᠴᠢ᠂ ᠵᠦᠶ ᠵᠣᠬᠢᠰᠲᠠᠶ ᠬᠠᠮᠠᠭᠠᠯᠠᠬᠤ᠂ ᠠᠰᠢᠭᠯᠠᠬᠤ ᠪᠠ ᠪᠦᠲᠦᠭᠡᠨ ᠪᠠᠶᠢᠭᠤᠯᠵᠣ᠂ ᠡᠪᠡᠰᠦ ᠬᠠᠳᠤᠵᠤ ᠬᠠᠳᠠᠭᠠᠯᠠᠬᠤ ᠠᠵᠢᠯᠯᠠᠭ᠎ᠠ ᠶᠢ ᠦᠨᠡᠨᠬᠦ ᠲᠦᠷᠢᠮᠵᠢᠬᠦᠯᠬᠦ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂《ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠬᠦᠯᠭᠦ ᠶᠢ ᠴᠠᠭᠠᠵᠠᠯᠠᠬᠤ ᠪᠡᠯᠴᠢᠭᠡᠷ ᠰᠡᠷᠭᠦᠭᠡᠬᠦ ᠳᠥᠷᠢᠮ》᠂ ︽ᠰᠢᠯᠢ ᠶᠢᠨ ᠭᠤᠤᠯ ᠠᠶᠢᠮᠠᠭ ᠤᠨ ᠪᠠᠶᠢᠭᠠᠯᠢᠯᠢᠭ ᠬᠠᠳᠣᠯᠠᠩ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾  ᠪᠠ ︽ᠵᠡᠭᠦᠨ ᠦᠵᠦᠮᠦᠴᠢᠨ ᠬᠤᠰᠢᠭᠤᠨ ᠤ ᠡᠪᠡᠰᠦ ᠬᠠᠳᠤᠵᠤ ᠬᠠᠳᠠᠭᠠᠯᠠᠬᠤ ᠬᠠᠮᠢᠶᠠᠷᠤᠯᠲᠠ ᠶᠢᠨ ᠠᠷᠭ᠎ᠠ︾᠎ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ︽ᠤᠷᠢᠳᠴᠢᠯᠠᠨ ᠵᠠᠷᠯᠠᠵᠦ᠂ ᠬᠠᠮᠲᠤ ᠪᠠᠷ ᠵᠠᠰᠠᠬᠤ︾ ᠵᠠᠷᠴᠢᠮ ᠢᠶᠠᠷ᠂ ᠣᠳᠣ ᠮᠠᠨ ᠤ ᠬᠤᠰᠢᠭᠤᠨ ᠤ ᠡᠪᠡᠰᠣ ᠬᠠᠳᠣᠵᠣ ᠬᠠᠳᠠᠭᠠᠯᠠᠬᠤ ᠲᠣᠬᠠᠢ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠳᠣ ᠵᠠᠷᠯᠠᠶ᠎ᠠ᠄      ᠨᠢᠭᠡ᠂ ᠡᠪᠡᠰᠣ ᠬᠠᠳᠤᠬᠤ ᠴᠠᠭ ᠢ ᠴᠢᠩᠭ᠎ᠠ ᠵᠢᠷᠤᠮᠯᠠᠬᠤ ᠬᠡᠷᠡᠭᠲᠡᠶ᠃ ᠣᠳᠣᠬᠠᠨ ᠤ ᠠᠭᠤᠷ ᠠᠮᠢᠰᠬᠤᠯ ᠤᠨ ᠨᠥᠬᠦᠴᠡᠯ᠂ ᠪᠡᠯᠴᠢᠭᠡᠷ ᠤᠨ ᠤᠷᠭᠤᠴᠠ ᠵᠢᠴᠢ ᠭᠠᠯ ᠰᠡᠷᠭᠡᠶᠢᠯᠡᠯᠲᠡ ᠶᠢᠨ ᠪᠠᠶᠢᠳᠠᠯ ᠢ ᠦᠨᠳᠦᠰᠦᠯᠡᠨ᠂ ᠥᠨᠥ ᠵᠢᠯ ᠤᠨ ᠮᠠᠨ ᠤ ᠬᠤᠰᠢᠭᠤᠨ ᠤ ᠪᠠᠶᠢᠭᠠᠯᠢᠯᠢᠭ ᠬᠠᠳᠤᠯᠠᠩ ᠬᠠᠳᠤᠬᠤ ᠴᠠᠭ ᠢ 2022 ᠣᠨ ᠤ 8 ᠰᠠᠷ᠎ᠠ ᠶᠢᠨ 20᠎ ᠤ ᠡᠳᠦᠷ ᠠᠴᠠ 2022 ᠣᠨ ᠤ 10 ᠰᠠᠷ᠎ᠠ ᠶᠢᠨ 10᠎ ᠤ ᠡᠳᠦᠷ ᠢᠶᠠᠷ ᠲᠣᠭᠳᠠᠭᠠᠪᠠ᠃ ᠶᠠᠮᠠᠷᠪᠠ ᠨᠢᠭᠡᠴᠡ ᠪᠠ ᠬᠤᠪᠢ ᠬᠥᠮᠦᠨ ᠣᠷᠢᠳᠴᠢᠯᠠᠨ ᠬᠠᠳᠤᠬᠤ ᠪᠤᠶᠤ ᠬᠤᠶᠢᠰᠢᠯᠠᠭᠤᠯᠵᠣ ᠪᠣᠯᠬᠤ ᠦᠭᠡᠢ᠃      ᠬᠤᠶᠠᠷ᠂  ᠡᠷᠡᠮᠡᠯᠵᠡᠯᠡᠬᠦ ᠳᠠᠩᠰᠠᠯᠠᠭᠤᠯᠬᠤ ᠳᠦᠷᠢᠮ ᠢ ᠳᠦᠷᠢᠮᠵᠢᠭᠦᠯᠬᠦ ᠬᠡᠷᠡᠭᠲᠡᠶ᠃ ᠡᠪᠡᠰᠦ ᠬᠠᠳᠤᠬᠤ ᠠᠴᠠ ᠡᠮᠦᠨ᠎ᠡ᠂ ᠮᠠᠯᠵᠢᠬᠤ ᠡᠷᠦᠬᠡ ︵ᠪᠠᠶᠢᠭᠤᠯᠭ᠎ᠠ︶ ᠣᠷᠢᠳᠴᠢᠯᠠᠨ ᠰᠣᠮᠣ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ ᠳᠤ ᠡᠷᠡᠮᠡᠯᠵᠡᠯᠡᠯ ᠳᠡᠪᠰᠢᠭᠦᠯᠵᠦ᠂ ᠰᠣᠮᠣ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ ᠠᠴᠠ《ᠡᠪᠡᠰᠦ ᠬᠠᠳᠤᠬᠤ ᠵᠥᠪᠰᠢᠶᠡᠷᠡᠯ ᠤᠨ ᠦᠨᠡᠮᠯᠡᠯ》᠂《ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠥᠪᠰᠢᠶᠡᠷᠡᠯ ᠤᠨ ᠦᠨᠡᠮᠯᠡᠯ》᠎ ᠢ ᠭᠦᠢᠴᠡᠳᠭᠡᠬᠦ ᠶᠢᠨ ᠬᠠᠮᠲᠤ᠂ ᠭᠠᠯ ᠰᠡᠷᠭᠡᠶᠢᠯᠡᠨ ᠣᠨᠲᠠᠷᠠᠭᠠᠬᠤ ᠲᠦᠬᠦᠭᠡᠷᠦᠮᠵᠢ ᠲᠤᠬᠢᠷᠠᠭᠤᠯᠤᠭᠰᠠᠨ ᠤ ᠳᠠᠷᠠᠭ᠎ᠠ ᠡᠪᠡᠰᠦ ᠬᠠᠳᠤᠵᠤ ᠪᠤᠯᠤᠨ᠎ᠠ᠃ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ ᠠᠴᠠ ᠳᠠᠩᠰᠠᠯᠠᠭᠤᠯᠣᠭᠰᠠᠨ ᠡᠪᠡᠰᠦ ᠬᠠᠳᠤᠬᠤ ᠮᠠᠯᠵᠢᠬᠤ ᠡᠷᠦᠬᠡ ︵ᠪᠠᠶᠢᠭᠤᠯᠭ᠎ᠠ︶᠎ ᠶᠢᠨ ᠳᠠᠩᠰᠠ ᠡᠪᠬᠡᠮᠡᠯ ᠢ ᠡᠮᠬᠢᠯᠡᠭᠰᠡᠨ ᠤ ᠳᠠᠷᠠᠭ᠎ᠠ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠳᠤ ᠳᠠᠩᠰᠠᠯᠠᠭᠤᠯᠤᠨ᠎ᠠ᠃ ᠡᠪᠡᠰᠦ ᠬᠠᠳᠤᠬᠤ ᠪᠠᠷ ᠡᠷᠡᠮᠡᠯᠵᠡᠯᠡᠬᠦ ᠠᠭᠤᠯᠭ᠎ᠠ ᠳᠤ ᠡᠪᠡᠰᠦ ᠬᠠᠳᠤᠬᠤ  ᠭᠠᠵᠠᠷ᠂  ᠲᠠᠯᠠᠪᠠᠢ᠂  ᠰᠢᠯᠵᠢᠭᠦᠯᠦᠭᠰᠡᠨ ᠲᠠᠯᠠᠪᠠᠢ᠂  ᠭᠤᠤᠷᠰᠤᠨ ᠤ ᠦᠨᠳᠦᠷ᠂ ᠡᠪᠡᠰᠦᠨ ᠤ ᠦᠷ᠎ᠡ ᠶᠢᠨ ᠪᠦᠰᠡ ᠶᠢᠨ ᠦᠷᠭᠡᠨ ᠵᠢᠴᠢ ᠬᠠᠳᠤᠬᠤ ᠴᠠᠭ ᠬᠤᠭᠤᠴᠠᠭ᠎ᠠ ᠵᠡᠷᠭᠡ ᠶᠢ ᠲᠣᠳᠤᠷᠬᠠᠶᠢᠯᠠᠬᠤ ᠬᠡᠷᠡᠭᠲᠡᠢ᠃      ᠭᠤᠷᠪᠠ᠂ ᠡᠪᠡᠰᠦ ᠬᠠᠳᠤᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃       (ᠨᠢᠭᠡ)ᠡᠭᠡᠯᠵᠢᠯᠡᠨ ᠬᠠᠳᠤᠬᠤ ᠳᠦᠷᠢᠮ᠃ 300 ᠮᠧᠲᠷ ᠥᠷᠭᠡᠨ ᠬᠠᠳᠣᠬᠤ ᠪᠦᠷᠢ 20 ᠮᠧᠲᠷ ᠠᠴᠠ ᠳᠡᠭᠡᠭᠰᠢ ᠦᠷᠭᠡᠨ ᠢ ᠡᠪᠡᠰᠦᠨ ᠦᠷ᠎ᠡ ᠶᠢᠨ ᠪᠦᠰᠡ ᠪᠠᠷ ᠦᠯᠡᠳᠡᠭᠡᠬᠦ ᠬᠡᠷᠡᠭᠲᠡᠢ︔      ( ᠬᠤᠶᠠᠷ)ᠭᠤᠤᠷᠰᠤᠨ ᠤ ᠦᠨᠳᠦᠷ᠃ ᠮᠠᠨ ᠤ ᠬᠤᠰᠢᠭᠤᠨ ᠤ ᠡᠪᠡᠰᠦᠲᠦ ᠭᠠᠵᠠᠷ ᠤᠨ ᠣᠨᠴᠠᠯᠢᠭ ᠪᠠ ᠭᠠᠵᠠᠷ ᠤᠨ ᠪᠠᠶᠢᠴᠠ ᠶᠢᠨ ᠨᠦᠬᠦᠴᠡᠯ ᠢ ᠦᠨᠳᠦᠰᠦᠯᠡᠨ᠂ ᠭᠤᠣᠷᠰᠣᠨ ᠤ ᠥᠨᠳᠥᠷ ᠢ 6 ᠰᠠᠨᠲ᠋ᠢᠮᠧᠲᠷ ᠠᠴᠠ ᠳᠣᠤᠷ᠎ᠠ ᠪᠠᠶᠢᠯᠭᠠᠵᠤ ᠪᠣᠯᠬᠤ ᠦᠭᠡᠢ︔      ( ᠭᠤᠷᠪᠠ)ᠡᠪᠡᠰᠦ ᠬᠠᠮᠤᠬᠤ ᠱᠠᠭᠠᠷᠳᠠᠯᠭ᠎ᠠ᠃ ᠨᠤᠲᠤᠭ ᠪᠡᠯᠴᠢᠭᠡᠷ ᠤᠨ ᠭᠠᠵᠠᠷ ᠤᠨ ᠬᠦᠷᠦᠰᠦ᠂ ᠤᠰᠤ ᠴᠢᠬᠢᠭ ᠢ ᠬᠠᠮᠠᠭᠠᠯᠠᠬᠤ ᠶᠢᠨ ᠲᠥᠯᠦᠭᠡ᠂ ᠡᠪᠡᠰᠦ ᠬᠠᠮᠤᠬᠤ ᠮᠠᠰᠢᠨ ᠤ ᠠᠷᠠᠭ᠎ᠠ ᠶᠢ ᠭᠠᠵᠠᠷ ᠤᠨ ᠭᠠᠳᠠᠷᠭᠤ ᠲᠠᠢ ᠵᠡᠷᠭᠡᠴᠡᠭᠦᠯᠦᠨ᠂ ᠬᠡᠲᠦᠷᠡᠲᠡᠯ᠎ᠡ ᠬᠠᠮᠤᠬᠤ ᠪᠠ ᠬᠠᠭᠳᠠ ᠶᠢ ᠬᠠᠮᠤᠬᠤ ᠶᠢ ᠡᠷᠡᠰ ᠴᠠᠭᠠᠵᠠᠯᠠᠵᠤ᠂ ᠭᠠᠵᠠᠷ ᠤᠨ ᠬᠦᠷᠦᠰᠦ ᠬᠠᠯᠴᠠᠭᠠᠶᠢᠷᠠᠨ ᠨᠣᠲᠤᠭ ᠪᠡᠯᠴᠢᠭᠡᠷ ᠲᠠᠴᠢᠷᠰᠢᠬᠤ ᠠᠴᠠ ᠰᠡᠷᠭᠡᠶᠢᠯᠡᠬᠦ ᠬᠡᠷᠡᠭᠲᠡᠢ︔      ︵ᠲᠦᠷᠪᠡ︶ ᠡᠪᠡᠰᠣ ᠬᠠᠳᠤᠬᠤ ᠨᠥᠬᠦᠴᠡᠯ᠃ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ ᠨᠢ 30%᠎ ᠠᠴᠠ ᠳᠣᠷᠣᠭᠰᠢ᠂ ᠡᠪᠡᠰᠦᠨ ᠤ ᠳᠤᠮᠳᠠᠴᠢ ᠥᠨᠳᠥᠷ ᠤᠨ ᠬᠡᠮᠵᠢᠶ᠎ᠡ ᠨᠢ 15 ᠰᠠᠨᠲ᠋ᠢᠮᠧᠲᠷ ᠠᠴᠠ ᠳᠣᠷᠣᠭᠰᠢ ᠪᠣᠶᠣ ᠬᠠᠭᠤᠷᠠᠶ ᠡᠪᠡᠰᠦᠨ ᠤ ᠤᠨᠠᠯᠲᠠ ᠨᠢ ᠮᠥ ᠪᠦᠷᠢ ᠳᠡᠭᠡᠨ 30 ᠺᠢᠯᠣᠭ᠍ᠷᠠᠮ ᠠᠴᠠ ᠳᠣᠷᠣᠭᠰᠢ ᠪᠠᠶᠢᠪᠠᠯ ᠡᠪᠡᠰᠣ ᠬᠠᠳᠣᠵᠣ ᠪᠣᠯᠬᠤ ᠦᠭᠡᠢ︔      ︵ᠲᠠᠪᠤ︶ ᠡᠪᠡᠰᠦ ᠬᠠᠳᠤᠬᠤ ᠳᠤ ᠳᠣᠣᠷᠠᠬᠢ ᠠᠵᠢᠯᠯᠠᠭ᠎ᠠ ᠶᠢ ᠴᠠᠭᠠᠵᠠᠯᠠᠬᠤ ᠬᠡᠷᠡᠭᠲᠠᠢ᠄ ᠥᠭᠡᠷᠡᠴᠢᠯᠡᠨ ᠵᠠᠰᠠᠭᠰᠠᠨ ᠪᠣᠶᠣ ᠨᠤᠲᠤᠭ ᠪᠡᠯᠴᠢᠭᠡᠷ ᠢ ᠡᠪᠳᠡᠬᠦ ᠡᠪᠡᠰᠦ ᠬᠠᠳᠤᠬᠤ ᠮᠠᠰᠢᠨ ᠪᠠᠭᠠᠵᠢ ᠶᠢ ᠬᠡᠷᠡᠭᠯᠡᠵᠦ ᠪᠣᠯᠬᠤ ᠤᠢᠭᠡᠢ᠂ ᠲᠠᠪᠠᠭᠲᠤ ᠬᠡᠯᠪᠡᠷᠢ ᠶᠢᠨ ᠡᠪᠡᠰᠣ ᠬᠠᠳᠤᠬᠤ ᠮᠠᠰᠢᠨ ᠬᠡᠷᠡᠭᠯᠡᠬᠦ ᠶᠢ ᠴᠠᠭᠠᠵᠠᠯᠠᠨ᠎ᠠ︔ ᠲᠣᠮᠣ ᠬᠡᠯᠪᠡᠷᠢ ᠶᠢᠨ ᠡᠪᠡᠰᠣᠨ ᠲᠡᠷᠭᠡ ᠡᠷᠬᠡᠪᠰᠢ ᠲᠣᠭᠲᠠᠭᠰᠠᠨ  ᠡᠪᠡᠰᠦ ᠳᠡᠭᠡᠭᠡᠬᠦ ᠭᠠᠵᠠᠷ ᠠᠴᠠ ᠳᠡᠭᠡᠭᠡᠵᠣ᠂ ᠬᠠᠳᠤᠯᠠᠩ ᠳᠤ ᠣᠷᠣᠵᠤ ᠡᠪᠡᠰᠦ ᠳᠡᠭᠡᠭᠡᠭᠦ ᠶᠢ ᠴᠢᠩᠭ᠎ᠠ ᠴᠠᠭᠠᠵᠠᠯᠠᠨ᠎ᠠ︔ ᠡᠪᠡᠰᠦ ᠬᠠᠳᠤᠬᠤ ᠲᠡᠷᠭᠡ ᠬᠦᠰᠬᠡ ᠨᠣᠳᠤᠭ ᠪᠡᠯᠴᠢᠭᠡᠷ ᠢ ᠳᠣᠷᠠᠪᠡᠷ ᠳᠠᠷᠣᠵᠣ ᠂ ᠣᠷᠭᠤᠮᠠᠯ ᠬᠤᠴᠢᠯᠭ᠎ᠠ ᠶᠢ ᠡᠪᠳᠡᠬᠦ ᠶᠢ ᠴᠠᠭᠠᠵᠠᠯᠠᠨ᠎ᠠ᠃     ᠲᠦᠷᠪᠡ᠂ ᠬᠠᠳᠤᠯᠠᠩ ᠳᠤ ᠮᠠᠯ ᠬᠠᠷᠢᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠬᠠᠳᠤᠯᠠᠩ  ᠎ ᠢ  ᠨᠢᠭᠡᠨᠳᠡ ᠪᠠᠯᠴᠢᠭᠡᠷᠯᠡᠬᠦᠯᠬᠦ ᠶᠢ ᠵᠣᠭᠰᠣᠭᠠᠵᠣ ᠰᠡᠯᠬᠦᠨ ᠬᠠᠳᠣᠬᠤ ᠬᠠᠮᠢᠶᠠᠷᠤᠯᠲᠠ ᠳᠤ ᠣᠷᠣᠭᠤᠯᠵᠤ᠂ ᠬᠠᠳᠤᠯᠠᠩ ᠳᠤ ᠮᠠᠯ ᠬᠠᠷᠢᠭᠤᠯᠵᠣ ᠪᠣᠯᠬᠤ ᠦᠭᠡᠢ᠃     ᠲᠠᠪᠤ᠂ ᠣᠬᠠᠭᠤᠯᠬᠤ ᠪᠠ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠶᠡᠷᠣᠩᠭᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠨᠢ ᠡᠪᠡᠰᠦ ᠬᠠᠳᠤᠵᠤ ᠬᠠᠳᠠᠭᠠᠯᠠᠬᠤ ᠬᠠᠮᠢᠶ᠎ᠠ ᠪᠦᠬᠦᠢ ᠬᠠᠮᠢᠶᠠᠷᠣᠯᠲᠠ ᠶᠢᠨ ᠲᠣᠭᠲᠠᠭᠠᠯ ᠢ ᠤᠬᠠᠭᠤᠯᠬᠤ ᠪᠠ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠪᠡᠰᠦ ᠬᠠᠳᠤᠵᠤ ᠬᠠᠳᠠᠭᠠᠯᠠᠬᠤ ᠬᠠᠮᠢᠶᠠᠷᠣᠯᠲᠠ ᠶᠢᠨ ᠠᠵᠢᠯ ᠢ ᠬᠠᠷᠢᠶ᠎ᠠ ᠭᠠᠵᠠᠷ ᠲᠤᠨᠢ ᠬᠠᠮᠢᠶᠠᠷᠤᠭᠤᠯᠵᠤ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠭᠠᠴᠠᠭᠠᠨ ᠎ ᠤ ︽ᠬᠤᠶᠠᠷ ᠵᠥᠪᠯᠡᠯ︾ ᠪᠠ ᠰᠤᠮᠤ ᠪᠠᠯᠭᠠᠰᠤᠨ ᠤ ᠺᠠᠳ᠋ᠷ ᠢ ᠵᠣᠬᠢᠶᠠᠨ ᠪᠠᠶᠢᠭᠤᠯᠵᠤ᠂ ᠡᠪᠡᠰᠦ ᠬᠠᠳᠤᠬᠤ ᠣᠷᠣᠨ ᠬᠡᠪᠴᠢᠶ᠎ᠡ ᠳᠤ ᠭᠦᠨᠵᠡᠭᠡᠶᠢᠷᠡᠨ ᠡᠳᠣᠷ ᠲᠣᠲᠣᠮ ᠤᠨ ᠲᠣᠭᠤᠷᠢᠨ ᠪᠠᠶᠢᠴᠠᠭᠠᠯᠲᠠ ᠬᠢᠬᠦ ᠬᠡᠷᠡᠭᠲᠡᠢ᠃ ᠡᠷᠲᠡ ᠬᠠᠳᠤᠬᠤ᠂ ᠭᠤᠤᠷᠰᠤ ᠦᠯᠡᠳᠡᠭᠡᠬᠦ ᠦᠭᠡᠢ᠂ ᠵᠢᠯ ᠠᠯᠣᠰᠯᠠᠵᠣ ᠬᠠᠳᠤᠬᠤ ᠦᠭᠡᠢ ᠪᠣᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠳᠡᠩᠴᠡᠬᠦᠷᠢ ᠶᠢ ᠪᠠᠳᠣᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠰᠡᠷᠬᠦᠭᠡᠬᠦ ᠲᠦᠷᠢᠮ︾ ᠵᠡᠷᠭᠡ ᠬᠠᠮᠢᠶ᠎ᠠ ᠪᠥᠬᠦᠶ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠵᠠᠮ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠳ ᠡᠪᠡᠰᠦ ᠪᠣᠷᠳᠣᠭᠠᠨ ᠤ  ᠲᠡᠷᠭᠡ ᠬᠥᠰᠬᠡ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠣ᠂ ᠡᠪᠡᠰᠦ ᠪᠣᠷᠳᠣᠭᠠᠨ ᠤ ᠲᠡᠷᠭᠡ ᠬᠥᠰᠬᠡ ᠶᠢᠨ ᠵᠢᠷᠤᠮᠵᠢᠭᠰᠠᠨ ᠡᠵᠡᠩᠨᠡᠯᠲᠡ ᠶᠢ ᠴᠢᠩᠭᠠᠳᠬᠠᠵᠣ᠂ ᠬᠡᠲᠦ ᠥᠷᠭᠡᠨ᠂ ᠬᠡᠲᠦ ᠣᠷᠳᠣ᠂ ᠬᠡᠮᠵᠢᠶ᠎ᠡ ᠠᠴᠠ ᠬᠡᠳᠣᠷᠡᠬᠦᠯᠬᠦ᠂ ᠳᠠᠭᠠᠭᠠᠴᠠ ᠠᠴᠠ ᠬᠡᠲᠦᠷᠡᠭᠦᠯᠬᠦ ᠶᠢ ᠴᠢᠩᠭ᠎ᠠ ᠴᠠᠭᠠᠵᠠᠯᠠᠵᠤ᠂ ᠰᠥᠨᠢ ᠪᠠᠷ ᠵᠠᠮᠨᠠᠬᠤ ᠶᠢ ᠴᠢᠩᠭ᠎ᠠ ᠴᠠᠭᠠᠵᠠᠯᠠᠬᠤ ᠬᠡᠷᠡᠭᠲᠠᠢ᠃      ᠵᠢᠷᠭᠤᠭ᠎ᠠ᠂ ᠬᠡᠭᠡᠷ᠎ᠡ ᠭᠠᠳᠠᠨᠠᠬᠢ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠪᠡᠰᠦ ᠬᠠᠳᠣᠬᠤ ᠳᠠᠭᠠᠨ ᠡᠷᠬᠡᠪᠰᠢ ᠭᠠᠯ ᠰᠡᠷᠭᠡᠶᠢᠯᠡᠬᠦ ᠪᠠ ᠤᠨᠲᠠᠷᠠᠭᠠᠬᠤ ᠲᠣᠨᠤᠭ ᠲᠥᠬᠦᠭᠡᠷᠦᠮᠵᠢ ᠪᠠᠶᠢᠬᠤ ᠬᠡᠷᠡᠭᠲᠡᠶ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾᠎ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠎ ᠤᠨ ᠣᠷᠳᠣᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠦᠴᠢᠷ ᠪᠠ ᠭᠠᠯ ᠰᠡᠷᠭᠡᠶᠢᠯᠡᠬᠦ ᠰᠠᠯᠠᠭ᠎ᠠ ᠮᠥᠴᠢᠷ ᠤᠳ ᠭᠠᠯ ᠰᠡᠷᠭᠡᠶᠢᠯᠡᠬᠦ ᠤᠬᠠᠭᠤᠯᠭ᠎ᠠ ᠪᠠᠶᠢᠴᠠᠭᠠᠯᠲᠠ ᠪᠠ ᠬᠡᠭᠡᠷ᠎ᠡ ᠭᠠᠳᠠᠨᠠᠬᠢ ᠭᠠᠯ ᠤᠨ ᠢᠷᠡᠯᠲᠡ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠠᠢ᠃ ᠨᠤᠲᠤᠭ ᠪᠡᠯᠴᠢᠭᠡᠷ ᠣᠢ ᠰᠢᠭᠤᠶ ᠶᠢᠨ ᠭᠠᠯ ᠰᠡᠷᠭᠡᠶᠢᠯᠡᠬᠦ ᠠᠵᠢᠯ ᠢ ᠵᠠᠰᠠᠭ ᠵᠠᠬᠢᠷᠭᠠᠨ ᠤ ᠤᠳᠤᠷᠢᠳᠤᠯᠭ᠎ᠠ ᠠᠴᠠ ᠬᠠᠷᠢᠭᠤᠴᠠᠬᠤ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠤᠳᠤᠷᠢᠳᠤᠯᠭ᠎ᠠ ᠠᠴᠠ ᠬᠡᠰᠡᠭ ᠬᠤᠪᠢᠶᠠᠨ ᠳᠠᠭᠠᠭᠠᠴᠢᠯᠠᠵᠤ᠂ ᠠᠵᠢᠯ ᠬᠤᠪᠢᠶᠠᠨ ᠬᠠᠷᠢᠭᠤᠴᠠᠬᠤ ᠠᠷᠭ᠎ᠠ ᠶᠢ ᠠᠪᠴᠤ᠂ ᠭᠠᠯ ᠰᠡᠷᠭᠡᠶᠢᠯᠡᠬᠦ ᠭᠡᠷ᠎ᠡ ᠪᠠ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠢ ᠱᠠᠲᠤ ᠱᠠᠲᠤ ᠪᠠᠷ ᠳᠣᠭᠳᠠᠵᠣ᠂ ᠣᠨᠴᠠᠭᠠᠶᠢᠯᠠᠨ ᠬᠡᠭᠡᠷ᠎ᠡ ᠭᠠᠳᠠᠨ᠎ᠠ ᠡᠪᠡᠰᠣ ᠬᠠᠳᠣᠵᠣ ᠪᠠᠶᠢᠭ᠎ᠠ ᠬᠦᠮᠦᠰ ᠲᠠᠢ ᠭᠠᠯ ᠰᠡᠷᠭᠡᠶᠢᠯᠡᠬᠦ ᠭᠡᠷ᠎ᠡ ᠳᠣᠭᠳᠠᠵᠣ᠂ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠨ ᠲᠣᠭᠲᠠᠭᠠᠵᠤ᠂ ᠪᠦᠬᠦᠨ ᠢ ᠬᠠᠮᠣᠷᠠᠭᠤᠯᠬᠤ ᠬᠡᠷᠡᠭᠲᠠᠢ᠃ ᠦᠢᠯᠡᠳᠪᠦᠷᠢᠯᠡᠯ ᠠᠮᠢᠳᠤᠷᠠᠯ ᠳᠤ ᠭᠠᠯ ᠬᠡᠷᠡᠭᠯᠡᠬᠦ ᠬᠠᠷᠢᠭᠤᠴᠠᠯᠭᠠᠳᠠᠨ ᠢ ᠲᠣᠭᠲᠠᠭᠠᠵᠤ᠂ ᠡᠪᠡᠰᠦ ᠬᠠᠳᠤᠵᠤ ᠬᠠᠳᠠᠭᠠᠯᠠᠬᠤ ᠬᠤᠭᠤᠴᠠᠭᠠᠨ ᠳᠤ ᠭᠠᠯ ᠤᠨ ᠠᠶᠣᠯ ᠡᠬᠦᠰᠬᠦ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠳᠣᠯᠤᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃ ︽ᠬᠡᠨ ᠠᠵᠢᠯᠴᠢᠨ ᠬᠡᠷᠡᠭᠯᠡᠪᠡᠯ ᠳᠡᠷᠡ ᠬᠠᠮᠢᠶᠠᠷᠴᠤ᠂ ᠬᠡᠨ ᠬᠢᠨᠠᠨ ᠬᠠᠮᠢᠶᠠᠷᠪᠠᠯ ᠲᠡᠷᠡ ᠬᠠᠷᠢᠭᠤᠴᠠᠬᠤ ︾ ᠵᠠᠷᠴᠢᠮ ᠶᠣᠰᠣᠭᠠᠷ᠂ ᠡᠯ᠎ᠡ ᠨᠢᠭᠡᠴᠡ ᠪᠣᠯᠤᠨ ᠬᠤᠪᠢ ᠬᠥᠮᠦᠨ ᠡᠪᠡᠰᠦ ᠬᠠᠳᠤᠬᠤ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂  ᠬᠦᠯᠦᠰᠦᠨ ᠠᠵᠢᠯᠴᠢᠨ ᠤ ᠭᠡᠷᠡᠴᠢ ᠶᠢ ᠬᠢᠨᠠᠨ ᠪᠠᠶᠢᠴᠠᠭᠠᠬᠤ᠂ ᠪᠡᠶ᠎ᠡ ᠶᠢᠨ ᠳᠤᠯᠠᠭᠠᠨ ᠢ ᠨᠢ ᠬᠡᠮᠵᠢᠬᠦ᠂ ᠳᠠᠩᠰᠠᠯᠠᠨ ᠲᠡᠮᠳᠡᠭᠯᠡᠵᠦ ᠺᠣᠳ᠋ ᠰᠢᠷᠪᠢᠬᠦ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃      ᠨᠠᠢᠮᠨ᠂ ᠢᠯᠠᠴᠢᠯᠠᠠ ᠮᠠᠳᠠᠬᠦᠯᠬᠦ ᠤᠳᠠᠰᠣ      ᠬᠤᠰᠢᠭᠤ ᠣᠢ ᠰᠢᠭᠤᠢ ᠪᠠ ᠨᠣᠳᠤᠭ ᠪᠡᠯᠴᠢᠭᠡᠷ ᠤᠨ ᠲᠣᠪᠴᠢᠶ᠎ᠠ᠄ 6709694︔ 13947967658      ᠬᠤᠰᠢᠭᠤ ᠬ᠋ᠠᠯ ᠰᠠᠷᠬᠡᠶᠢᠯᠠᠬᠦ ᠠᠯᠪᠠᠠ ᠬᠡᠷ᠄   3221814︔ 13847912058      ᠤᠯᠢᠶᠠᠰᠣᠳᠠᠢ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3221093︔ 18747946663      ᠲᠠᠭᠤᠳᠣᠨᠠᠭᠤᠷ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3358176︔ 13947909429      ᠬᠠᠳᠠᠪᠴᠢ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3363055︔ 13947911935      ᠡᠵᠢᠨᠠᠭᠤᠷ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 2770942︔ 15904796255      ᠮᠠᠠᠳᠣᠬᠤᠪᠣᠯᠠᠭ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3361177︔ 13947940378      ᠬᠦᠷᠢᠶᠠᠳᠣᠨᠠᠭᠤᠷ ᠰᠣᠮᠣᠠ ᠤ ᠠᠷᠠᠣᠠ ᠤᠨ ᠵᠠᠰᠠᠭ ᠤᠨ ᠤᠷᠳᠣᠠ᠄ 3366014︔ 13754196519      ᠰᠠᠮᠠᠢ ᠰᠣᠮᠣᠠ ᠤ ᠠᠷᠠᠣᠠ ᠤᠨ ᠵᠠᠰᠠᠭ ᠤᠨ ᠤᠷᠳᠣᠠ᠄  3366627︔ 13947970168      ᠠᠯᠳᠠᠠᠬᠢᠯᠢ ᠰᠣᠮᠣᠠ ᠤ ᠠᠷᠠᠣᠠ ᠤᠨ ᠵᠠᠰᠠᠭ ᠤᠨ ᠤᠷᠳᠣᠠ᠄ 3435099︔ 15104790088      ᠬ᠋ᠠᠬᠢᠯ ᠰᠣᠮᠣᠠ ᠤ ᠠᠷᠠᠣᠠ ᠤᠨ ᠵᠠᠰᠠᠭ ᠤᠨ ᠤᠷᠳᠣᠠ᠄  18804799590︔15047944388                                    ᠣᠨᠴᠠᠭᠠᠶᠢᠯᠠᠨ ᠵᠠᠷᠯᠠᠪᠠ
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号