ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠣᠳᠠᠭᠠᠨ ᠤ ᠬᠤᠷᠠᠯᠳᠤᠭᠠᠨ ᠤ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠵᠥᠪᠳᠡᠯᠴᠡᠨ ᠭᠦᠢᠴᠡᠳᠬᠡᠬᠦ ᠰᠠᠭᠤᠳᠠᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/12/5
     11 ᠰᠠᠷ᠎ᠠ ᠶᠢᠨ 23 ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠣᠳᠠᠭᠠᠨ ᠤ ᠬᠤᠷᠠᠯᠳᠤᠭᠠᠨ ᠤ ᠭᠤᠤᠯᠳᠠᠯᠭ᠎ᠠ‌‍ᠲ᠋ᠠᠢ ᠰᠠᠨᠠᠯ ᠳᠤᠷᠠᠳᠤᠯᠭ᠎ᠠ  ᠶᠢ ᠵᠥᠪᠳᠡᠯᠴᠡᠨ ᠭᠦᠢᠴᠡᠳᠬᠡᠬᠦ ᠬᠤᠷᠠᠯ ᠬᠤᠷᠠᠯᠳᠤᠵᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ᠃      ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠴᠢ ᠵᠢᠶᠦ᠋ᠨ ᠬᠤᠷᠠᠯ ᠢ ᠡᠷᠭᠢᠯᠡᠵᠦ᠂ ᠳᠡᠳ᠋ ᠬᠤᠰᠢᠭᠤ ᠳᠠᠷᠤᠭ᠎ᠠ ᠶᠣᠣ ᠬᠠᠶ ᠰᠢᠶᠠ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳᠠᠪᠰᠢᠯᠲᠤ ᠪᠣᠯᠣᠨ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ᠂ ᠡᠯ᠎ᠡ ᠲᠤᠰᠬᠠᠶ ᠵᠥᠪᠯᠡᠯ ᠤᠨ ᠡᠷᠬᠢᠯᠡᠭᠴᠢ᠂ ᠡᠯ᠎ᠡ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠳᠤᠷᠠᠳᠤᠭᠰᠠᠳ ᠪᠠ ᠳᠠᠭᠠᠭᠠᠴᠢᠯᠠᠨ ᠭᠦᠢᠴᠡᠳᠬᠡᠬᠦ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠤ᠂ ︽︿ᠬᠡᠦᠬᠡᠳ ᠤᠨ ᠴᠡᠴᠡᠷᠯᠢᠭ ᠤᠨ ᠣᠨᠴᠠᠭᠠᠶ ᠬᠡᠦᠬᠡᠳ ᠤᠨ ᠰᠤᠷᠭᠠᠨ ᠬᠥᠮᠦᠵᠢᠯ﹀ ᠤᠨ ᠲᠤᠬᠠᠶ ᠰᠠᠨᠠᠭᠤᠯᠭ᠎ᠠ︾᠂ ︽ᠬᠢᠴᠢᠶᠡᠯ ᠤᠷᠤᠵᠤ ᠬᠢᠴᠢᠶᠡᠯ ᠪᠠᠭᠤᠬᠤ ᠦᠶ᠎ᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠰᠠᠭᠤᠳᠠᠯ ᠢ ᠵᠠᠰᠠᠬᠤ ᠲᠤᠬᠠᠶ ᠰᠠᠨᠠᠭᠤᠯᠭ᠎ᠠ︾ ᠵᠡᠷᠭᠡ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠳᠤᠷᠠᠳᠤᠭᠰᠠᠳ ᠪᠠ ᠳᠠᠭᠠᠭᠠᠴᠢᠯᠠᠨ ᠭᠦᠢᠴᠡᠳᠬᠡᠬᠦ ᠨᠢᠭᠡᠴᠡ ᠠᠴᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠨ ᠭᠡᠰᠢᠭᠦᠳ ᠥᠪᠡᠷ ᠤᠨ ᠰᠠᠨᠠᠯ  ᠳᠤᠷᠠᠳᠤᠯᠭ᠎ᠠ  ᠶᠢᠨ ᠢᠶᠠᠨ  ᠲᠠᠯ᠎ᠠ ᠠᠴᠠ ᠳᠠᠭᠠᠭᠠᠨ ᠠᠪᠴᠤ ᠭᠦᠢᠴᠡᠳᠬᠡᠬᠦ ᠨᠢᠭᠡᠴᠡ ᠲᠠᠢ ᠰᠠᠨᠠᠯ ᠢᠶᠠᠨ ᠰᠣᠯᠢᠯᠴᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠶ᠃ ᠭᠡᠰᠢᠭᠦᠳ᠂ ᠡᠯ᠎ᠡ ᠳᠠᠭᠠᠭᠠᠴᠢᠯᠠᠨ ᠭᠦᠢᠴᠡᠳᠬᠡᠬᠦ ᠰᠠᠯᠠᠭ᠎ᠠ ᠮᠥᠴᠢᠷ ᠤᠳ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ  ᠭᠦᠢᠴᠡᠳᠬᠡᠬᠦ ᠠᠵᠢᠯ ᠢ ᠳᠡᠭᠡᠳᠦ  ᠬᠡᠮᠵᠢᠶ᠎ᠡ ᠪᠠᠷ ᠬᠦᠨᠳᠦᠳᠬᠡᠨ ᠦᠵᠡᠵᠦ᠂ ᠠᠪᠤᠭᠰᠠᠨ ᠠᠷᠭ᠎ᠠ ᠬᠡᠮᠵᠢᠶ᠎ᠡ ᠨᠢ ᠪᠦᠲᠦᠮᠵᠢᠲᠡᠢ ᠭᠡᠰᠡᠨ ᠪᠥᠭᠡᠳ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠳᠤ ᠮᠠᠰᠢ ᠬᠠᠨᠤᠮᠵᠢᠲᠠᠢ ᠪᠠᠶᠢᠨ᠎ᠠ ᠭᠡᠵᠦ ᠰᠠᠨᠠᠯ ᠨᠢᠭᠡᠲᠡᠢ ᠦᠵᠡᠪᠡ᠃      ᠲᠠᠷᠠᠭ᠎ᠠ ᠨᠢ ᠶᠣᠣ ᠬᠠᠢ ᠰᠢᠶᠠ ᠠᠴᠠ ᠭᠡᠰᠢᠭᠦᠳ ᠤᠨ ᠳᠤᠷᠠᠳᠤᠭᠰᠠᠨ ᠰᠠᠨᠠᠭᠤᠯᠭ᠎ᠠ ᠪᠠ ᠳᠠᠭᠠᠭᠠᠴᠢᠯᠠᠨ ᠭᠦᠢᠴᠡᠳᠬᠡᠬᠦ ᠨᠢᠭᠡᠴᠡ ᠶᠢᠨ ᠰᠢᠢᠳᠪᠦᠷᠢᠯᠡᠭᠰᠡᠨ ᠪᠠᠶᠢᠳᠠᠯ ᠳᠤ ᠦᠨᠡᠯᠡᠯᠲᠡ ᠬᠢᠪᠡ᠃      ᠪᠠᠲᠤᠮᠥ᠋ᠩᠬᠡ ᠴᠢᠬᠤᠯᠠᠴᠢᠯᠠᠬᠤ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠭᠦ᠊ ᠵᠴᠡᠳ ᠲᠠᠨᠢᠬᠤ ᠬᠡᠷᠡᠭᠲᠡᠢ᠃ ᠰᠠᠨᠠᠯ ᠳᠤᠷᠠᠳᠤᠯᠭ᠎ᠠ ᠶᠢ ᠲᠤᠭᠤᠷᠪᠢᠨ ᠪᠢᠴᠢᠬᠦ ᠴᠢᠨᠠᠷ ᠴᠢᠨᠰᠠᠭ᠎ᠠ ᠪᠠ ᠠᠵᠢᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠳᠠᠭᠠᠭᠠᠴᠢᠯᠠᠨ  ᠭᠦᠢᠴᠡᠳᠬᠡᠬᠦ ᠨᠢᠭᠡᠴᠡ ︽ᠵᠥᠪᠳᠡᠯᠴᠡᠬᠦ︾ ᠶᠢ ᠰᠠᠨᠠᠯ ᠳᠤᠷᠠᠳᠤᠯᠭ᠎ᠠ ᠶᠢ  ᠭᠦᠢᠴᠡᠳᠬᠡᠬᠦ ᠠᠵᠢᠯ ᠤᠨ ᠪᠥᠬᠦ ᠶᠠᠪᠤᠴᠠ ᠳᠤ ᠳᠤᠭᠤᠰᠢᠯᠠᠭᠤᠯᠵᠤ᠂ ᠰᠠᠨᠠᠭᠠᠴᠢᠯᠠᠭ᠎ᠠ ᠠᠴᠠ ᠪᠠᠨ ᠰᠠᠨᠠᠯ ᠳᠤᠷᠠᠳᠤᠯᠭ᠎ᠠ ᠳᠤᠷᠠᠳᠤᠭᠰᠠᠳ ᠵᠢᠴᠢ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠵᠥᠪᠯᠡᠯ ᠲᠠᠢ ᠬᠠᠷᠢᠯᠴᠠᠵᠤ᠂  ᠣᠶᠢᠯᠠᠭᠠᠯᠴᠠᠨ᠂ ᠰᠠᠨᠠᠯ ᠳᠤᠷᠠᠳᠤᠯᠭ᠎ᠠ ᠳᠤᠷᠠᠳᠤᠭᠰᠠᠳ ᠢ ᠤᠷᠢᠵᠤ ᠰᠠᠨᠠᠯ ᠳᠤᠷᠠᠳᠤᠯᠭ᠎ᠠ ᠶᠢ ᠭᠦᠢᠴᠡᠳᠬᠡᠬᠦ ᠪᠥᠬᠦ ᠶᠠᠪᠤᠴᠠ ᠳᠤ ᠣᠷᠣᠯᠴᠠᠭᠤᠯᠬᠤ ᠬᠡᠷᠡᠭᠲᠡᠶ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠴᠦ ᠰᠠᠨᠠᠯ ᠳᠤᠷᠠᠳᠤᠯᠭ᠎ᠠ ᠶᠢᠨ ᠵᠠᠯᠭᠠᠮᠵᠢ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠ ᠣᠶᠢᠯᠠᠭᠠᠯᠴᠠᠨ ᠰᠣᠯᠢᠯᠴᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠡᠰᠢᠭᠦᠳ ᠤᠨ ᠰᠠᠨᠠᠯ ᠳᠤᠷᠠᠳᠤᠯᠭ᠎ᠠ ᠶᠢ  ᠭᠦᠢᠴᠡᠳᠬᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠰᠠᠨᠠᠯ ᠳᠤᠷᠠᠳᠤᠯᠭ᠎ᠠ ᠶᠢ  ᠭᠦᠢᠴᠡᠳᠬᠡᠭᠰᠡᠨ ᠦᠷ᠎ᠡ ᠪᠦᠲᠦᠭᠡᠯ ᠢ ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂  ᠭᠦᠢᠴᠡᠳᠬᠡᠭᠰᠡᠨ ᠦᠷ᠎ᠡ ᠳ᠋ᠦᠩ ᠢ ᠰᠠᠨᠠᠯ ᠳᠤᠷᠠᠳᠤᠯᠭ᠎ᠠ ᠶᠢᠨ ᠤᠭ ᠰᠠᠨᠠᠭ᠎ᠠ ᠪᠠ ᠭᠡᠰᠢᠭᠦᠳ ᠤᠨ ᠰᠡᠳᠬᠢᠯ ᠳᠤ ᠨᠡᠶᠢᠴᠡᠭᠦᠯᠦᠨ᠂ ᠭᠡᠰᠢᠭᠦᠨ ᠪᠠ ᠣᠯᠠᠨ ᠲᠦᠮᠡᠨ ᠢ ᠦᠨᠡᠨᠬᠦ ᠬᠠᠨᠤᠮᠵᠢᠲᠠᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号