ᠭᠠᠬᠢᠯ ᠰᠤᠮᠤᠨ ᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ  ᠨᠢ 2022 ᠣᠨ ᠤ  ᠠᠷᠪᠠᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/6
      11 ᠰᠠᠷ᠎ᠠ ᠶᠢᠨ 28 ᠤ ᠡᠳᠦᠷ᠂  ᠵᠡᠭᠦᠨ ᠦᠵᠦᠮᠦᠴᠢᠨ ᠬᠤᠰᠢᠭᠤᠨ ᠤ ᠭᠠᠬᠢᠯ  ᠰᠤᠮᠤᠨ ᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ   ᠨᠢ 2022 ᠣᠨ ᠤ ᠠᠷᠪᠠᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ   ᠬᠤᠷᠠᠯᠳᠤᠭᠤᠯᠪᠠ᠃ ᠰᠤᠮᠤᠨ ᠤ ᠨᠠᠮ ᠤᠨ ᠬᠤᠷᠢᠶᠠᠨ ᠤ ᠱᠦᠵᠢ   ᠰᠡᠴᠡᠨᠪᠠᠭᠠᠲᠤᠷ ᠨᠥᠬᠦᠷ ᠬᠤᠷᠠᠯ ᠢ ᠡᠷᠭᠢᠯᠡᠵᠦ᠂ ᠰᠤᠮᠤᠨ ᠤ ᠨᠠᠮ ᠤᠨ ᠬᠤᠷᠢᠶᠠᠨ ᠤ  ᠤᠨᠤᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ  ᠭᠡᠰᠢᠭᠦᠳ  ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂   ᠭᠤᠤᠯᠯᠠᠬᠤ ᠳᠤᠭᠤᠶᠢᠯᠠᠩ ᠤᠨ ᠭᠡᠰᠢᠭᠦᠳ ᠨᠢ ᠰᠢ ᠶᠢᠨ ᠫᠢᠩ ᠶᠡᠷᠦᠩᠬᠡᠢ ᠱᠦᠵᠢ ᠶᠢᠨ ︽ᠳᠤᠮᠳᠠᠳᠤ ᠤᠯᠤᠰ ᠤᠨ ᠰᠠᠶᠢᠨ ᠬᠥᠮᠦᠨ︾ ᠯᠢ ᠫᠸᠢ ᠱᠧᠩ᠂ ᠬᠦ᠋ ᠰᠢᠶᠤᠤ ᠴᠦᠨ ᠳᠤ ᠢᠯᠡᠭᠡᠭᠰᠡᠨ ᠬᠠᠷᠢᠭᠤ ᠵᠠᠬᠢᠳᠠᠯ ᠂ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ ︾᠂ ᠰᠢ ᠶᠢᠨ ᠫᠢᠩ ᠤᠨ《ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠶ ᠥᠭᠦᠯᠡᠬᠦ ᠨᠢ 》 ᠭᠡᠬᠦ ᠨᠤᠮ᠂ ᠰᠢ ᠶᠢᠨ ᠫᠢᠩ ᠶᠡᠷᠦᠩᠬᠡᠶ ᠱᠦᠵᠢ ᠶᠢᠨ ᠰᠢᠨ᠎ᠡ ᠴᠠᠭ ᠦᠶ᠎ᠡ ᠶᠢᠨ ᠬᠥᠮᠦᠨ ᠤ ᠡᠷᠬᠡ ᠶᠢᠨ ᠲᠤᠬᠠᠶ ᠴᠢᠬᠤᠯᠠ ᠥᠭᠦᠯᠡᠯᠲᠡ᠂ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 《ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠠᠵᠢᠯ ᠢ ᠢᠯᠡ ᠪᠣᠯᠭᠠᠬᠤ ᠲᠦᠷᠢᠮ ︵ᠲᠤᠷᠰᠢᠨ ᠬᠡᠷᠡᠭᠵᠢᠭᠦᠯᠬᠦ︶︾ ᠬᠡᠷᠡᠭᠵᠢᠭᠦᠯᠬᠦ ᠨᠠᠷᠢᠨ ᠳᠦᠷᠢᠮ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ 2021 ᠣᠨ ᠤ ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠲᠥᠪ ᠢ ᠣᠷᠣᠯᠠᠨ ᠨᠠᠮ ᠤᠨ ᠰᠦᠢᠳᠬᠡᠯ ᠤᠨ ᠣᠷᠣᠯᠭ᠎ᠠ ᠵᠠᠷᠤᠯᠭ᠎ᠠ ᠶᠢ ᠬᠠᠮᠢᠶᠠᠷᠴᠤ ᠪᠠᠶᠢᠭ᠎ᠠ ᠪᠠᠶᠢᠳᠠᠯ ᠢ ᠨᠡᠶᠢᠲᠡᠯᠡᠬᠦ ᠲᠤᠬᠠᠶ ᠮᠡᠳᠡᠭᠳᠡᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠮᠰᠢᠭᠳᠠᠭᠰᠠᠨ ᠣᠯᠠᠨ ᠲᠦᠮᠡᠨ ᠤ ︽ᠠᠮᠤᠷ ᠲᠦᠪᠰᠢᠨ ᠢᠶᠠᠷ ᠡᠪᠦᠯᠵᠢᠵᠦ ᠳᠤᠯᠠᠭᠠᠨ ᠪᠦᠯᠢᠶᠡᠨ ᠰᠢᠨᠡᠯᠡᠬᠦ ᠶᠢ ᠪᠠᠲᠤᠯᠠᠬᠤ︾ ᠠᠵᠢᠯ ᠤᠨ ᠬᠡᠷᠡᠭᠵᠢᠭᠦᠯᠬᠦ ᠲᠥᠰᠦᠯ ᠢ ᠤᠯᠠᠮᠵᠢᠯᠠᠨ ᠲᠠᠷᠬᠠᠭᠠᠬᠤ ᠲᠤᠬᠠᠶ ᠰᠢᠯᠢ ᠶᠢᠨ ᠭᠤᠤᠯ ᠠᠶᠢᠮᠠᠭ ᠤᠨ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠬᠡᠷ ᠤᠨ ᠮᠡᠳᠡᠭᠳᠡᠯ︾ ︽ᠪᠥᠬᠦ ᠬᠤᠰᠢᠭᠤᠨ ᠤ ︿ᠪᠠᠭ᠎ᠠ ᠭᠠᠯ ᠢᠶᠠᠷ ᠥᠭᠦᠭᠰᠡᠨ ᠬᠥᠮᠦᠨ﹀ ᠤ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ 《ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠢᠯᠢᠳᠡᠭᠵᠢᠭᠦᠯᠬᠦ 20 ᠵᠦᠢᠯ ᠤᠨ ᠠᠷᠭ᠎ᠠ ᠬᠡᠮᠵᠢᠶ᠎ᠡ 》 ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ︽︿ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ 2022 ᠣᠨ ᠤ ᠣᠷᠣᠨ ᠨᠤᠲᠤᠭ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠪᠢᠴᠢᠭ ᠤᠨ ᠮᠡᠳᠡᠭᠳᠡᠯ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠮᠡᠳᠡᠭᠳᠡᠯ︾ ︽ᠰᠢᠯᠢ ᠶᠢᠨ ᠭᠤᠤᠯ ᠠᠶᠢᠮᠠᠭ ᠤᠨ ᠠᠶᠤᠯ ᠥᠬᠡᠶ  ᠦᠢᠯᠡᠳᠪᠦᠷᠢᠯᠡᠯ  ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠬᠦᠨᠳᠦ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠲᠤᠬᠠᠶ ᠬᠡᠷᠡᠭᠵᠢᠭᠦᠯᠬᠦ ᠲᠥᠰᠦᠯ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠰᠢ ᠶᠢᠨ ᠫᠢᠩ  ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠶᠢᠨ ᠴᠢᠬᠤᠯᠠ ᠠᠭᠤᠯᠭ᠎ᠠ ᠪᠣᠯᠭᠠᠵᠤ ᠂ ︽ᠲᠣᠭᠲᠠᠭᠠᠯ︾ ᠤᠨ ᠱᠠᠭᠠᠷᠳᠠᠯᠭ᠎ᠠ ᠶᠣᠰᠣᠭᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠡᠩ ᠰᠠᠶᠢᠲᠤᠷ ᠤᠢᠢᠯᠠᠭᠠᠨ ᠣᠨᠣᠪᠴᠢᠲᠠᠢ ᠡᠵᠡᠮᠰᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠶᠢ ᠭᠤᠶᠢᠪᠢᠰᠢ ᠦᠭᠡᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠤᠰ ᠵᠢᠯ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠢᠶᠠᠨ ᠨᠠᠷᠢᠨ ᠬᠢᠨᠠᠮᠠᠭᠠᠢ ᠡᠮᠬᠢᠯᠡᠬᠦ ᠶᠢᠨ ᠬᠠᠮᠲᠤ ᠢᠷᠡᠬᠦ ᠵᠢᠯ ᠤᠨ ᠠᠵᠢᠯ ᠳᠤ ᠴᠢᠭᠯᠡᠭᠦᠯᠦᠨ ᠤᠷᠢᠳᠴᠢᠯᠠᠨ ᠠᠷᠭ᠎ᠠ ᠤᠬᠠᠭᠠᠨ ᠰᠦᠪᠡᠭᠴᠢᠯᠡᠵᠦ᠂ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠢᠳᠡᠪᠬᠢᠲᠡᠢ ᠠᠵᠢᠯ ᠤᠨ ᠰᠤᠷᠲᠠᠯ ᠲᠠᠢ ᠪᠣᠯᠭᠠᠬᠤ ᠬᠡᠷᠡᠭᠲᠡᠢ᠃ ᠭᠤᠷᠪᠠ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠨ ᠵᠦᠢᠯ ᠤᠨ ᠠᠷᠭ᠎ᠠ  ᠶᠢ ᠨᠠᠷᠢᠨ ᠬᠢᠨᠠᠮᠠᠭᠠᠢ ᠰᠤᠷᠤᠯᠴᠠᠵᠤ᠂ ᠰᠢᠯᠢᠳᠡᠭᠵᠢᠭᠦᠯᠦᠨ ᠲᠤᠬᠢᠷᠠᠭᠤᠯᠬᠤ ᠬᠤᠷᠢᠨ ᠵᠦᠢᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠡᠩ ᠰᠢᠨᠵᠢᠯᠡᠬᠦ ᠤᠬᠠᠭᠠᠨᠴᠢ ᠪᠠᠷ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠬᠡᠷᠡᠭᠵᠢᠭᠦᠯᠬᠦ ᠬᠡᠷᠡᠭᠲᠡᠢ  ᠭᠡᠵᠡᠢ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号