ᠤᠯᠢᠶᠠᠰᠤᠲᠠᠶ ᠪᠠᠯᠭᠠᠰᠤᠨ ᠤ ︽ᠳᠥᠷᠪᠡᠨ ᠲᠣᠭᠲᠠᠴᠠ︾ ᠶᠢ ᠪᠠᠶᠢᠭᠤᠯᠵᠦ᠂ ᠨᠡᠶᠢᠭᠡᠮ ᠲᠣᠭᠤᠷᠢᠭ ᠤᠨ ᠠᠵᠢᠯᠲᠠᠳ ᠤᠨ ᠠᠵᠢᠯ ᠮᠡᠷᠭᠡᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2022/12/6
      ᠤᠢᠢᠷ᠎ᠠ ᠶᠢᠨ ᠵᠢᠯ ᠠᠴᠠ᠂ ᠤᠯᠢᠶᠠᠰᠤᠲᠠᠢ ᠪᠠᠯᠭᠠᠰᠤ ᠨᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠨᠠᠶᠢᠳᠠᠪᠤᠷᠢᠵᠢᠭᠤᠯᠵᠤ᠂ ︽ᠲᠠᠪᠤᠨ ᠲᠠᠯ᠎ᠠ ᠶᠢ ᠬᠠᠮᠵᠢᠯᠴᠠᠭᠤᠯᠤᠨ᠂ ᠦᠨᠳᠦᠰᠦᠨ ᠱᠠᠳᠤ ᠶᠢ ᠰᠠᠶᠢᠲᠤᠷ ᠠᠳᠬᠤᠬᠤ︾ ᠶᠢ ᠪᠠᠷᠢᠮᠲᠠᠯᠠᠨ᠂ ︽ᠭᠤᠷᠪᠠᠨ ᠬᠦᠴᠦᠷᠬᠡᠭ ᠭᠤᠷᠪᠠᠨ ᠰᠢᠯᠢᠳᠡᠭ︾ ᠤᠨ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠣᠩᠭᠤᠨ ᠤᠷᠢᠵᠤ ᠲᠣᠬᠢᠷᠠᠭᠤᠯᠬᠤ᠂ ᠬᠥᠮᠦᠵᠢᠭᠦᠯᠦᠨ ᠪᠣᠯᠪᠠᠰᠤᠷᠠᠭᠤᠯᠬᠤ᠂ ᠬᠢᠨᠠᠨ ᠰᠢᠯᠭᠠᠵᠤ ᠬᠠᠮᠢᠶᠠᠷᠬᠤ᠂ ᠵᠣᠬᠢᠶᠠᠨ ᠪᠠᠶᠢᠭᠤᠯᠵᠤ ᠪᠠᠲᠤᠯᠠᠬᠤ ︽ᠲᠦᠷᠪᠡᠨ ᠲᠣᠭᠲᠠᠴᠠ︾ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠠᠵᠢᠯᠳᠠᠨ ᠤ ᠠᠵᠢᠯ ᠮᠡᠷᠭᠡᠵᠢᠯ ᠤᠨ ᠰᠢᠰᠲ᠋ᠧᠮ ᠤᠨ ᠪᠠᠶᠢᠭᠤᠯᠤᠯᠲᠠ ᠳᠤ ᠲᠦᠷᠢᠮ ᠤᠨ ᠪᠠᠲᠤᠯᠠᠭ᠎ᠠ ᠬᠠᠩᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃      ᠪᠠᠷᠢᠮᠵᠢᠶ᠎ᠠ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ ᠰᠣᠩᠭᠤᠨ ᠲᠣᠬᠢᠷᠠᠭᠤᠯᠬᠤ ᠲᠣᠭᠲᠠᠴᠠ ᠶᠢ ᠪᠠᠶᠢᠭᠤᠯᠪᠠ᠃ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠬᠤᠶᠠᠷ ᠬᠦᠴᠦᠷᠬᠡᠭ ᠬᠤᠶᠠᠷ ᠰᠠᠶᠢᠨ︾ ᠤ ᠪᠠᠷᠢᠮᠵᠢᠶ᠎ᠠ ᠶᠢ ᠲᠤᠪᠤᠶᠢᠯᠭᠠᠨ᠂ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠭᠡᠰᠢᠭᠦᠨ 63 ᠨᠡᠷ᠎ᠡ ᠰᠣᠩᠭᠤᠨ ᠭᠠᠷᠭᠠᠪᠠ᠂ ᠡᠭᠦᠨ ᠳᠤ᠂ ᠪᠦᠬᠦᠯᠢ 35 ᠨᠠᠰᠤ ᠵᠢᠴᠢ ᠲᠡᠭᠦᠨ ᠠᠴᠠ ᠳᠣᠷᠣᠭᠰᠢᠬᠢ ᠬᠥᠮᠦᠰ 70 % ᠶᠢ ᠡᠵᠡᠯᠡᠵᠦ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠨᠢ 95 % ᠶᠢ ᠡᠵᠡᠯᠡᠪᠡ᠃ ᠨᠡᠶᠢᠭᠡᠮ ᠲᠣᠭᠤᠷᠢᠭ ᠤᠨ ᠠᠵᠢᠯᠲᠠᠨ ᠤ ᠪᠦᠲᠦᠴᠡ ᠶᠢ ᠢᠯᠡᠳᠲᠡ ᠰᠢᠯᠢᠳᠡᠭᠵᠢᠭᠦᠯᠦᠨ ᠳᠡᠭᠡᠭᠰᠢᠯᠡᠭᠦᠯᠪᠡ᠃ ᠠᠵᠢᠯᠲᠠᠨ ᠡᠯᠰᠡᠬᠦ ᠲᠠᠯ᠎ᠠ ᠪᠠᠷ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠪᠠᠷᠢᠮᠵᠢᠶ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠂ ᠨᠡᠷ᠎ᠡ ᠮᠡᠲᠡᠭᠦᠯᠬᠦ ᠬᠢᠨᠠᠨ ᠬᠠᠷᠭᠤᠭᠤᠯᠬᠤ ᠵᠡᠷᠭᠡ ᠲᠠᠰ ᠳᠠᠷᠠᠭᠠᠯᠠᠯ ᠢ ᠵᠢᠷᠤᠮᠵᠢᠭᠤᠯᠵᠤ᠂ ᠡᠬᠢ ᠡᠭᠦᠰᠦᠯ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ 53 ᠨᠡᠷ᠎ᠡ ᠨᠡᠶᠢᠭᠡᠮ ᠨᠡᠶᠢᠲᠡ ᠳᠤ ᠬᠠᠨᠳᠤᠭᠤᠯᠤᠨ ᠢᠯᠡ ᠪᠠᠷ ᠤᠷᠢᠨ ᠬᠡᠷᠡᠭᠯᠡᠵᠦ᠂ ᠠᠵᠢᠯ ᠤᠨ ᠬᠦᠴᠦᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠠ᠃      ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠲᠠᠯ᠎ᠠ ᠶᠢᠨ ᠬᠥᠮᠦᠵᠢᠯ ᠪᠣᠯᠪᠠᠰᠤᠷᠠᠯ ᠤᠨ ᠲᠣᠭᠲᠠᠴᠠ ᠶᠢ ᠪᠠᠶᠢᠭᠤᠯᠪᠠ᠃ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠥᠯᠥᠪᠵᠢᠭᠦᠯᠭᠡ ᠳᠤ ᠣᠷᠣᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠶ ᠥᠷᠨᠢᠭᠦᠯᠵᠦ᠂ ᠲᠠᠰ ᠳᠠᠪᠬᠤᠷᠭ᠎ᠠ ᠠᠵᠢᠯ ᠤᠨ ᠪᠠᠶᠢᠷᠢ ᠬᠤᠪᠢᠶᠠᠨ ᠪᠦᠬᠦᠨ ᠢ ᠬᠠᠮᠤᠷᠬᠤ ᠪᠣᠯᠪᠠᠰᠤᠷᠠᠯ ᠢ ᠦᠷᠨᠢᠭᠦᠯᠪᠡ᠃ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠰᠡᠳᠦᠪᠲᠦ ᠲᠠᠶᠢᠯᠤᠮᠵᠢ ᠬᠢᠬᠦ᠂ ︽ᠬᠤᠷᠠᠯ ᠢᠶᠠᠷ ᠪᠣᠯᠪᠠᠰᠤᠷᠠᠯ ᠢ ᠣᠷᠣᠯᠠᠭᠤᠯᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠯ ᠪᠦᠷᠢ ︽ᠬᠤᠶᠠᠷ ᠵᠥᠪᠯᠡᠯ︾ ᠤᠨ ᠭᠡᠰᠢᠭᠦᠨ᠂ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠲᠤᠰᠬᠠᠶ ᠰᠡᠳᠦᠪᠲᠦ ᠪᠣᠯᠪᠠᠰᠤᠷᠠᠯ ᠵᠡᠷᠭᠡ ᠶᠢ ᠡᠷᠭᠢᠯᠡᠵᠦ᠂  ᠶᠡᠷᠦᠩᠬᠡᠶᠢᠯᠡᠭᠰᠡᠨ ᠬᠡᠪ ᠴᠢᠨᠠᠷ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠲᠤᠰᠬᠠᠶᠢᠵᠢᠭᠰᠠᠨ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ ᠪᠠᠶᠢᠭᠤᠯᠬᠤ ᠶᠢ ᠠᠬᠢᠭᠤᠯᠪᠠ᠃ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠦᠨ᠂ ᠠᠵᠢᠯ ᠮᠡᠷᠭᠡᠵᠢᠯ ᠤᠨ ᠬᠥᠮᠦᠵᠢᠯ ᠢ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠢ ᠵᠣᠷᠢᠭᠵᠢᠭᠤᠯᠤᠨ ᠬᠥᠲᠥᠯᠦᠨ ᠵᠢᠯᠣᠭᠤᠳᠴᠤ ︽ᠨᠡᠶᠢᠭᠡᠮ ᠤᠨ ᠠᠵᠢᠯᠲᠠᠨ ᠤ ᠦᠨᠡᠮᠯᠡᠯ︾ ᠤᠨ ᠠᠵᠢᠯ ᠮᠡᠷᠭᠡᠵᠢᠯ ᠤᠨ ᠬᠢᠷᠢ ᠬᠡᠮ ᠪᠠ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠢᠯᠭᠠᠯᠲᠠ ᠳᠤ ᠣᠷᠣᠯᠴᠠᠭᠤᠯᠵᠤ᠂ ︽ᠨᠡᠶᠢᠭᠡᠮ ᠤᠨ ᠠᠵᠢᠯᠲᠠᠨ ᠤ ᠦᠨᠡᠮᠯᠡᠯ︾ ᠢ ᠰᠢᠯᠭᠠᠨ ᠠᠪᠤᠭᠰᠠᠨ ᠨᠡᠶᠢᠭᠡᠮ ᠲᠣᠭᠤᠷᠢᠭ ᠤᠨ ᠠᠵᠢᠯᠲᠠᠨ ᠳᠤ ᠠᠵᠢᠯ ᠮᠡᠷᠭᠡᠵᠢᠯ ᠤᠨ ᠬᠢᠷᠢ ᠬᠡᠮ ᠤᠨ  ᠨᠦᠬᠦᠪᠦᠷᠢ ᠶᠢ ᠴᠠᠭ ᠲᠤᠬᠠᠶ ᠳᠤᠨᠢ ᠣᠯᠭᠤᠵᠤ᠂ ᠳᠣᠲᠣᠭᠠᠳᠤ ᠶᠢᠨ ᠬᠥᠳᠡᠯᠭᠡᠬᠦ ᠬᠦᠴᠦᠨ ᠢ ᠨᠢ ᠤᠯᠠᠮ ᠨᠢᠭᠡ ᠠᠯᠬᠤᠮ  ᠬᠦᠭᠵᠢᠭᠡᠪᠡ᠃      ᠪᠦᠲᠦᠮᠵᠢᠲᠡᠶ ᠬᠢᠨᠠᠨ ᠰᠢᠯᠭᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠪᠠ᠃ ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠣᠷᠣᠵᠤ ᠪᠣᠯᠬᠤ ᠮᠥᠷᠲᠡᠭᠡᠨ ᠭᠠᠷᠴᠤ ᠴᠤ ᠪᠣᠯᠬᠤ︾ ᠬᠥᠳᠡᠯᠦᠩᠭᠦᠶ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠪᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠭᠡᠰᠢᠭᠦᠨ ᠢ ᠨᠥᠭᠡᠴᠡᠯᠡᠬᠦ ᠲᠣᠭᠲᠠᠴᠠ ᠶᠢ ᠪᠠᠶᠢᠭᠤᠯᠵᠤ᠂ ᠢᠯᠡ ᠪᠠᠷ ᠤᠷᠢᠨ ᠬᠡᠷᠡᠭᠯᠡᠬᠦ ᠪᠠ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮᠵᠢᠶ᠎ᠡ ᠶᠢᠨ ᠦᠨᠡᠮᠯᠡᠯ ᠲᠠᠢ ᠨᠡᠶᠢᠭᠡᠮ ᠲᠣᠭᠤᠷᠢᠭ ᠤᠨ ᠰᠢᠯᠢᠳᠡᠭ ᠵᠠᠯᠠᠭᠤ ᠠᠵᠢᠯᠲᠠᠨ ᠤ ᠳᠤᠮᠳᠠ ᠠᠴᠠ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠡᠯᠡᠳᠬᠡᠯ ᠬᠦᠴᠦᠨ ᠢ ᠬᠥᠮᠦᠵᠢᠭᠦᠯᠬᠦ ᠶᠢ ᠴᠢᠬᠤᠯᠠᠴᠢᠯᠠᠪᠠ᠃ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠥᠷᠥᠯ ᠬᠤᠪᠢᠶᠠᠨ ᠵᠦᠷᠢᠶᠡᠵᠢᠬᠦᠯᠦᠨ ᠬᠢᠨᠠᠨ ᠰᠢᠯᠭᠠᠬᠤ ᠶᠢ ᠬᠡᠷᠡᠭᠵᠢᠭᠦᠯᠦᠨ᠂ ᠰᠠᠭᠤᠭᠠᠯᠢ ᠠᠷᠠᠳ ᠣᠯᠠᠨ ᠤ ᠰᠡᠳᠬᠢᠯ ᠬᠠᠨᠤᠮᠵᠢᠲᠠᠶ ᠦᠢᠯᠡᠴᠢᠯᠡᠭᠡᠨ ᠤ ᠦᠨᠡᠯᠡᠯᠲᠡ ᠶᠢᠨ ᠲᠦᠷᠢᠮ ᠢ ᠪᠠᠶᠢᠭᠤᠯᠪᠠ᠃ ᠨᠡᠶᠢᠭᠡᠮ ᠲᠣᠭᠤᠷᠢᠭ ᠤᠨ ᠠᠵᠢᠯᠲᠠᠨ ᠪᠠ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ︽ᠬᠤᠶᠠᠷ ᠠᠵᠢᠯᠲᠠᠨ ᠢ ᠨᠢᠭᠡᠳᠬᠡᠬᠦ︾ ᠦᠨᠳᠦᠰᠦᠨ ᠱᠠᠲᠤᠨ ᠤ ᠵᠠᠰᠠᠯᠲᠠ ᠶᠢ ᠨᠢᠭᠡ ᠴᠤᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂  ᠲᠤᠤᠷᠴᠢᠯᠠᠭᠰᠠᠨ ᠬᠠᠮᠢᠶᠠᠷᠤᠯᠲᠠ ᠶᠢᠨ ᠲᠤᠭᠤᠷᠢᠭ ᠲᠤ ᠠᠳᠠᠭ ᠲᠠᠭᠠᠨ 1 ᠨᠡᠷᠡᠰ ᠨᠡᠶᠢᠭᠡᠮ ᠲᠣᠭᠤᠷᠢᠭ ᠤᠨ ᠠᠵᠢᠯᠲᠠᠨ ᠲᠣᠬᠢᠷᠠᠭᠤᠯᠵᠤ᠂ AB ᠠᠵᠢᠯ ᠤᠨ ᠪᠠᠶᠢᠷᠢ ᠡᠭᠡᠯᠵᠢᠯᠡᠭᠦᠯᠬᠦ ᠵᠡᠷᠭᠡ ᠲᠦᠷᠢᠮ ᠢ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ 50% ᠠᠴᠠ ᠳᠡᠭᠡᠭᠰᠢᠬᠢ ᠠᠵᠢᠯᠯᠠᠬᠤ ᠴᠠᠭ ᠲᠤ ᠲᠤᠤᠷᠴᠢᠯᠠᠭᠰᠠᠨ ᠲᠤᠭᠤᠷᠢᠭ ᠲᠤ ᠬᠦᠷᠴᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠡᠷᠭᠡ ᠠᠵᠢᠯ ᠥᠷᠨᠢᠭᠦᠯᠬᠦ ᠶᠢ ᠪᠠᠲᠤᠯᠠᠵᠤ᠂ ᠦᠶᠯᠡᠳᠦᠯᠭᠡ ᠶᠢᠨ ᠳᠤᠮᠳᠠ ᠳᠠᠪᠲᠠᠨ ᠪᠣᠯᠪᠠᠰᠤᠷᠠᠵᠤ ᠪᠤᠶᠢᠵᠢᠬᠤ ᠶᠢ ᠪᠠᠷᠢᠮᠲᠠᠯᠠᠵᠤ᠂ ᠠᠷᠠᠳ ᠲᠦᠮᠡᠨ ᠳᠤ ᠦᠶᠯᠡᠴᠢᠯᠡᠬᠦ ᠴᠢᠳᠠᠪᠤᠷᠢ ᠪᠠ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠲᠦᠯᠬᠢᠨ ᠠᠬᠢᠭᠤᠯᠪᠠ᠃      ᠪᠦᠷᠢᠨ ᠲᠡᠭᠦᠯᠳᠡᠷ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠪᠠ᠃ ᠨᠡᠶᠢᠭᠡᠮ ᠲᠣᠭᠤᠷᠢᠭ ᠤᠨ ︽ᠬᠠᠮᠲᠤᠷᠠᠭᠰᠠᠨ ᠨᠠᠮ ᠤᠨ ᠪᠠᠶᠢᠭᠤᠯᠤᠯᠲᠠ︾ ᠶᠢᠨ ᠠᠬᠤᠢ ᠲᠠᠯᠠᠪᠤᠷ ᠤᠨ ᠬᠤᠷᠠᠯ ᠵᠢᠴᠢ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠡᠷᠳᠡᠮ ᠮᠦᠷᠦᠶᠢᠴᠡᠵᠦ ᠤᠳᠤᠨ ᠲᠡᠮᠡᠴᠡᠬᠦ︾ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠢᠨ᠎ᠡ ᠰᠡᠳᠬᠢᠴᠡ᠂ ᠰᠢᠨ᠎ᠡ ᠲᠣᠭᠲᠠᠴᠠ᠂ ᠰᠢᠨ᠎ᠡ ᠠᠷᠭ᠎ᠠ ᠪᠠᠷᠢᠯ ᠢᠶᠠᠷ ᠲᠥᠯᠥᠪᠵᠢᠭᠦᠯᠦᠨ ᠠᠬᠢᠭᠤᠯᠵᠤ᠂ ᠭᠤᠣᠯ ᠠᠵᠢᠯ᠂ ᠡᠳᠦᠷ ᠲᠤᠳᠤᠮ ᠤᠨ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠪᠠ᠃ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠨᠡᠶᠢᠭᠡᠮ ᠲᠣᠭᠤᠷᠢᠭ ᠤᠨ ᠦᠷᠭᠦᠯᠵᠢᠯᠡᠨ ᠠᠵᠢᠯᠯᠠᠭᠰᠠᠨ ᠣᠨ ᠵᠢᠯ᠂ ᠰᠤᠷᠭᠠᠨ ᠬᠥᠮᠦᠵᠢᠯ ᠭᠥᠷᠳᠡᠭᠰᠡᠨ ᠬᠡᠮᠵᠢᠶ᠎ᠡ᠂ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ ᠦᠨᠳᠦᠰᠦᠯᠡᠨ᠂ ︽ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠨ ᠲᠠᠰ︾ ᠤᠨ ᠲᠠᠰ ᠳᠠᠷᠠᠭᠠᠯᠠᠯ ᠢ ᠬᠡᠷᠡᠭᠵᠢᠭᠦᠯᠵᠦ᠂ ᠣᠯᠠᠨ ᠲᠠᠰ ᠳᠠᠪᠬᠤᠷᠭ᠎ᠠ ᠶᠢᠨ ᠴᠠᠯᠢᠩ ᠬᠥᠯᠥᠰᠥ ᠶᠢᠨ ᠤᠷᠮᠠᠰᠢᠭᠤᠯᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠨᠡᠶᠢᠭᠡᠮ ᠲᠣᠭᠤᠷᠢᠭ ᠤᠨ ᠠᠵᠢᠯ ᠤᠨ ᠪᠠᠶᠢᠷᠢ ᠶᠢᠨ ᠲᠠᠲᠠᠬᠤ ᠬᠦᠴᠦᠨ ᠢ ᠪᠦᠲᠦᠮᠵᠢᠲᠡᠶ ᠳᠡᠭᠡᠭᠰᠢᠯᠡᠭᠦᠯᠪᠠ᠃ ᠨᠡᠶᠢᠭᠡᠮ ᠲᠣᠭᠤᠷᠢᠭ ᠤᠨ ᠠᠵᠢᠯᠲᠠᠨ ᠤ ᠪᠠᠷᠢᠮᠵᠢᠶᠠᠵᠢᠭᠰᠠᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠪᠠᠶᠢᠭᠤᠯᠵᠤ᠂ ᠮᠠᠲ᠋ᠧᠷᠢᠶᠠᠯ ᠤᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠴᠢᠩᠭ᠎ᠠ ᠪᠠᠲᠤᠯᠠᠨ᠂ ᠬᠤᠪᠢ ᠬᠥᠮᠦᠨ ᠤ ᠲᠠᠩᠰᠠ ᠡᠪᠬᠡᠮᠡᠯ ᠢ ᠬᠥᠳᠡᠯᠦᠩᠭᠦᠶ ᠪᠠᠷ ᠰᠢᠨᠡᠳᠬᠡᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠬᠥᠮᠦᠨ ᠪᠣᠯᠭᠠᠨ ᠲᠠᠩᠰᠠ ᠡᠪᠬᠡᠮᠡᠯ ᠪᠠᠶᠢᠭᠤᠯᠵᠤ᠂ ᠬᠥᠮᠦᠨ ᠪᠣᠯᠭᠠᠨ ᠲᠠᠩᠰᠠ ᠡᠪᠬᠡᠮᠡᠯ ᠲᠠᠢ ᠪᠠᠶᠢᠬᠤ ᠶᠢ ᠪᠡᠶᠡᠯᠡᠭᠦᠯᠪᠠ᠃ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠤᠬᠠᠭᠤᠯᠵᠤ᠂ ᠨᠡᠶᠢᠭᠡᠮ ᠲᠣᠭᠤᠷᠢᠭ ᠤᠨ ᠠᠵᠢᠯᠳᠠᠨ ᠢ ᠪᠦᠬᠦ ᠨᠡᠶᠢᠭᠡᠮ ᠢᠶᠠᠷ ᠢᠶᠠᠨ ᠴᠢᠬᠤᠯᠠᠴᠢᠯᠠᠬᠤ᠂ ᠬᠠᠯᠠᠮᠵᠢᠯᠠᠬᠤ᠂ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠲᠡᠳᠡᠨ ᠤ ᠦᠨᠳᠦᠰᠦᠨ ᠱᠠᠲᠤᠨ ᠳᠤ ᠦᠨᠳᠦᠰᠦ ᠬᠠᠳᠬᠤᠬᠤ᠂ ᠤᠯᠠᠨ ᠲᠦᠮᠡᠨ ᠳᠤ ᠦᠢᠯᠡᠴᠢᠯᠡᠬᠦ᠂ ᠰᠡᠳᠬᠢᠯ ᠲᠠᠯᠪᠢᠨ ᠠᠵᠢᠯᠯᠠᠬᠤ ᠶᠢ ᠵᠤᠷᠢᠭᠵᠢᠭᠤᠯᠤᠨ ᠠᠬᠢᠭᠤᠯᠪᠠ
 
ᠢᠷᠡᠯᠲᠡ᠄ ᠤᠯᠢᠶᠠᠰᠤᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号