ᠤᠯᠢᠶᠠᠰᠤᠲᠠᠢ ᠪᠠᠯᠭᠠᠰᠤ ᠨᠢ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2022/12/8
      ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠭᠰᠠᠨ ᠤ ᠳᠠᠷᠠᠭ᠎ᠠ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠬᠤ ᠶᠢ ᠪᠠᠷᠢᠮᠲᠠᠯᠠᠵᠤ᠂ ᠡᠷᠡᠰ ᠪᠠᠲᠤ ᠤᠯᠤᠰ ᠲᠦᠷᠦ ᠶᠢᠨ ᠤᠬᠠᠮᠰᠠᠷ᠂ ᠲᠥᠪ ᠴᠢᠩᠭ᠎ᠠ ᠤᠯᠤᠰ ᠲᠦᠷᠦ ᠶᠢᠨ ᠣᠪᠣᠷ᠂ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ ᠪᠠ ᠪᠠᠲᠤ ᠴᠢᠩᠭ᠎ᠠ ᠡᠭᠦᠷᠭᠡ ᠬᠠᠷᠢᠭᠤᠴᠠᠯᠭ᠎ᠠ ᠪᠠᠷ ᠤᠷᠢᠳᠴᠢᠯᠠᠨ ᠲᠥᠯᠥᠪᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠪᠤᠢ ᠪᠣᠯᠭᠠᠪᠠ᠃     ︽ᠲᠤᠰᠬᠠᠢ ᠰᠡᠳᠦᠪ + ᠰᠤᠳᠤᠯᠤᠨ ᠶᠠᠷᠢᠯᠴᠠᠬᠤ︾ ᠪᠠᠷ ᠲᠠᠮᠵᠢᠭᠤᠯᠤᠨ ᠴᠠᠭ ᠲᠤᠬᠠᠢ ᠳᠤᠨᠢ ᠰᠤᠷᠤᠯᠴᠠᠪᠠ      ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠶ ᠪᠠᠯᠭᠠᠰᠤ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠤᠯᠢᠶᠠᠰᠤᠲᠠᠶ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ ᠠᠷᠪᠠᠨ ᠬᠤᠶᠠᠳᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠤᠯᠢᠶᠠᠰᠤᠲᠠᠢ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠤᠨ ᠭᠤᠤᠯᠯᠠᠬᠤ ᠳᠤᠭᠤᠶᠢᠯᠠᠩ ᠤᠨ ᠭᠡᠰᠢᠭᠦᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠥᠪᠡᠷ ᠤᠨ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠰᠤᠷᠤᠯᠴᠠᠭᠰᠠᠨ ᠣᠶᠢᠯᠠᠭᠠᠯᠲᠠ ᠶᠢᠨ ᠲᠤᠬᠠᠢ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠤ᠂ ᠰᠤᠳᠤᠯᠤᠨ ᠶᠠᠷᠢᠯᠴᠠᠬᠤ ᠬᠤᠷᠠᠯ ᠦᠷᠨᠢᠭᠦᠯᠪᠡ᠃ ᠡᠭᠦᠨ ᠤ ᠬᠠᠮᠲᠤ᠂ ᠪᠢᠳᠡ ᠪᠠᠰᠠ ᠪᠦᠬᠦ ᠪᠠᠯᠭᠠᠰᠤᠨ ᠤ ᠰᠤᠷᠤᠯᠴᠠᠬᠤ ᠲᠥᠰᠦᠯ ᠢ ᠲᠣᠭᠲᠠᠭᠠᠵᠤ᠂ ᠰᠤᠷᠤᠯᠴᠠᠬᠤ ᠡᠭᠦᠷᠭᠡ ᠶᠢᠨ ᠨᠠᠷᠢᠨ ᠳᠠᠩᠰᠠ ᠵᠢᠴᠢ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠵᠤ᠂ ᠪᠠᠯᠭᠠᠰᠤᠨ ᠤ ᠪᠠᠶᠢᠭᠤᠯᠭ᠎ᠠ ᠪᠣᠯᠤᠨ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠡᠭᠦᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠬᠤ᠂ ᠱᠠᠳᠤ ᠱᠠᠳᠤ ᠪᠠᠷ ᠠᠬᠢᠭᠤᠯᠬᠤ ᠪᠠᠷ ᠳᠠᠮᠵᠢᠭᠤᠯᠵᠤ᠂ ᠪᠦᠬᠦ  ᠪᠠᠯᠭᠠᠰᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠪᠦᠬᠦ ᠪᠠᠯᠭᠠᠰᠤ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠪᠠ᠃      ︽ᠰᠦᠯᠵᠢᠶᠡᠨ ᠳᠡᠭᠡᠷ᠎ᠡ + ᠰᠦᠯᠵᠢᠶᠡᠨ ᠲᠤᠤᠷ᠎ᠠ︾ ᠰᠤᠷᠤᠯᠴᠠᠵᠤ᠂ ᠦᠨᠳᠦᠰᠦᠨ ᠱᠠᠲᠤ ᠶᠢ ᠬᠠᠮᠤᠷᠬᠤ ᠶᠢ ᠠᠬᠢᠭᠤᠯᠪᠠ      ᠰᠦᠯᠵᠢᠶᠡᠨ ᠳᠡᠭᠡᠷ᠎ᠡ᠂ ᠪᠠᠯᠭᠠᠰᠤᠨ ᠤ ᠸᠢᠴᠠᠲ ᠲᠠᠪᠴᠠᠩ ᠳᠤ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ︾᠂ ︽ᠬᠤᠷᠢᠳᠤᠭᠠᠷ ᠶᠡᠭᠡ ᠬᠤᠷᠠᠯ ᠤᠨ ᠴᠠᠭ ᠦᠶ᠎ᠡ · ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ︾ ᠵᠡᠷᠭᠡ ᠲᠤᠰᠬᠠᠢ ᠪᠤᠯᠤᠩ ᠢ ᠨᠡᠭᠡᠭᠡᠵᠦ᠂ ᠪᠠᠯᠭᠠᠰᠤᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠᠶᠢᠷᠢᠯᠠᠭᠤᠯᠤᠯᠲᠠ ᠱᠠᠭᠠᠷᠳᠠᠯᠭ᠎ᠠ᠂ ᠠᠬᠢᠴᠠ ᠶᠢᠨ ᠦᠷ᠎ᠡ ᠪᠦᠲᠦᠮᠵᠢ᠂ ᠨᠡᠶᠢᠲᠡᠯᠢᠭ ᠲᠤᠷᠰᠢᠯᠭ᠎ᠠ ᠶᠢ ᠮᠡᠳᠡᠭᠡᠯᠡᠪᠡ᠃ ᠰᠦᠯᠵᠢᠶᠡᠨ ᠠᠴᠠ ᠭᠠᠳᠠᠨ᠎ᠠ᠂ ᠡᠯ᠎ᠡ ᠨᠠᠮ ᠤᠨ ᠡᠭᠦᠷ ︽ᠭᠤᠷᠪᠠᠨ ᠬᠤᠷᠠᠯ ᠨᠢᠭᠡ ᠬᠢᠴᠢᠶᠡᠯ︾᠂ ᠨᠣᠮ ᠤᠩᠰᠢᠬᠤ ᠬᠤᠷᠠᠯ᠂ ᠨᠠᠮ ᠤᠨ ᠭᠡᠰᠢᠭᠦᠨ ᠤ ᠲᠣᠭᠲᠠᠮᠠᠯ ᠬᠦᠳᠡᠯᠭᠡᠭᠡᠨ ᠤ ᠡᠳᠦᠷ ᠵᠡᠷᠭᠡ ᠠᠴᠢᠶᠠᠯᠠᠪᠤᠷᠢ ᠶᠢ ᠠᠰᠢᠭᠯᠠᠨ ᠰᠤᠷᠤᠯᠴᠠᠬᠤ ᠬᠡᠯᠪᠡᠷᠢ ᠶᠢ ᠪᠠᠶᠠᠯᠢᠭᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠲᠡᠭᠦᠨ ᠤ ᠭᠤᠤᠯ ᠴᠢᠬᠤᠯᠠ ᠠᠭᠤᠯᠭ᠎ᠠ᠂ ᠡᠯᠪᠡᠭ ᠪᠠᠶᠠᠯᠢᠭ ᠠᠭᠤᠯᠤᠭᠳᠠᠬᠤᠨ ᠢ ᠪᠥᠬᠦ ᠲᠠᠯ᠎ᠠ ᠪᠠᠷ ᠣᠨᠣᠪᠴᠢᠲᠠᠶ ᠡᠵᠡᠮᠰᠢᠵᠦ᠂ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠦᠯᠬᠦᠮᠳᠡᠨ ᠲᠡᠮᠡᠴᠡᠬᠦ ᠬᠦᠴᠦᠨ ᠢ ᠨᠢᠭᠲᠠᠷᠠᠭᠤᠯᠪᠠ᠃     ︽ᠣᠨᠣᠯ + ᠪᠣᠳᠠᠲᠤ ᠪᠠᠶᠢᠳᠠᠯ︾ ᠢ ᠤᠶᠠᠯᠳᠤᠭᠤᠯᠵᠤ᠂ ᠳᠤᠲᠠᠭᠳᠠᠯ ᠢ ᠪᠠᠶᠢᠴᠠᠭᠠᠵᠤ ᠳᠤᠲᠠᠭᠳᠠᠯ ᠢ ᠨᠥᠬᠦᠪᠥᠷᠢᠯᠡᠪᠠ      10 ᠰᠠᠷ᠎ᠠ ᠶᠢᠨ ᠰᠡᠭᠦᠯᠴᠢ ᠠᠴᠠ ᠨᠠᠰᠢ᠂ ᠤᠯᠢᠶᠠᠰᠤᠲᠠᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ   ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠡᠯ᠎ᠡ ᠠᠵᠢᠯᠯᠠᠬᠤ ᠳᠤᠭᠤᠶᠢᠯᠠᠩ ᠨᠢ ᠨᠢᠭᠡ ᠲᠠᠯ᠎ᠠ ᠪᠠᠷ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ︔ ᠨᠢᠭᠡ ᠲᠠᠯ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠳᠤ ᠢᠳᠡᠪᠬᠢᠲᠡᠢ ᠣᠷᠣᠯᠴᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠳᠠᠶᠢᠨ ᠤ ᠬᠢᠵᠢᠭ ᠤᠨ ᠰᠢᠨ᠎ᠡ ᠬᠦᠴᠦᠨ ᠪᠣᠯᠭᠠᠨ ᠬᠤᠪᠢᠷᠠᠭᠤᠯᠪᠠ᠃ ᠲᠠᠷᠠᠭᠠᠴᠢ ᠶᠢᠨ ᠠᠵᠢᠯ ᠤᠨ ᠳᠤᠮᠳᠠ᠂ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠶᠤᠨ ᠤ ᠪᠣᠯᠪᠠᠰᠤᠨ ᠢ ᠬᠥᠭᠵᠢᠭᠦᠯᠬᠦ ᠵᠡᠷᠭᠡ ᠪᠣᠳᠠᠲᠠᠢ ᠠᠵᠢᠯ ᠤᠨ ᠳᠤᠮᠳᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ  ᠠᠬᠢᠭᠤᠯᠪᠠ᠃      ︽ᠰᠤᠷᠤᠯᠭ᠎ᠠ ᠬᠦᠷᠭᠡᠬᠦ + ᠤᠬᠠᠭᠤᠯᠤᠨ ᠲᠠᠶᠢᠯᠪᠤᠷᠢᠯᠠᠬᠤ︾ ᠪᠠᠷ ᠲᠠᠮᠵᠢᠭᠤᠯᠤᠨ ᠦᠷ᠎ᠡ ᠠᠰᠢᠭ ᠢ ᠨᠡᠮᠡᠭᠲᠡᠭᠦᠯᠪᠡ      ᠪᠢᠳᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠦᠷᠳᠡᠭᠡ᠂ ᠴᠡᠭ᠂ ᠲᠠᠯ᠎ᠠ ᠨᠤᠲᠤᠭ ᠤᠨ ᠨᠣᠮ ᠤᠨ ᠦᠷᠦᠭᠡ ᠪᠠᠷ ᠠᠴᠢᠶᠠᠯᠠᠪᠤᠷᠢ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠬᠤ ᠡᠨᠡᠬᠦ ᠭᠤᠣᠯ ᠱᠤᠭᠤᠮ ᠤᠨ ᠲᠣᠭᠤᠷᠢᠨ ᠳᠤ᠂ ᠪᠤᠲᠠᠲᠠᠢ ᠠᠷᠭ᠎ᠠ ᠬᠡᠮᠵᠢᠶ᠎ᠡ ᠬᠡᠷᠡᠭᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠤ ᠪᠠᠭ᠋ᠠᠷᠬᠠᠳᠠᠭ ᠠᠮᠢᠳᠤᠷᠠᠯ ᠤᠨ ᠵᠢᠵᠢᠭ ᠦᠯᠢᠭᠡᠷ ᠲᠤ  ᠠᠭᠤᠰᠬᠠᠵᠦ᠂ ᠤᠬᠠᠭᠤᠯᠤᠨ ᠳᠠᠶᠢᠯᠪᠤᠷᠢᠯᠠᠪᠠ᠃ ᠰᠦᠯᠵᠢᠶᠡᠨ ᠳᠡᠭᠡᠷ᠎ᠡ᠂ ᠨᠡᠭᠦᠳᠡᠯ ᠨᠠᠮ ᠤᠨ ᠭᠡᠰᠢᠭᠦᠨ ᠤ ᠰᠤᠷᠤᠯᠴᠠᠬᠤ ᠳᠤ  ᠪᠡᠷᠬᠡ ᠠᠰᠠᠭᠤᠳᠠᠯ ᠳᠤ ᠴᠢᠭᠯᠡᠭᠦᠯᠦᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠰᠠᠭᠤᠯᠲᠠ ᠬᠠᠷᠢᠭᠤᠯᠲᠠ ᠵᠡᠷᠭᠡ ᠰᠢᠨ᠎ᠡ ᠵᠠᠭᠤᠴᠢᠯᠠᠭᠤᠷ ᠤᠨ ᠪᠦᠲᠦᠭᠡᠭᠳᠡᠬᠦᠨ ᠢ ᠭᠠᠷᠭᠠᠵᠤ᠂ ᠸᠢᠴᠠᠲ ᠬᠤᠯᠪᠤᠭ᠎ᠠ ᠵᠡᠷᠭᠡ ᠲᠠᠪᠴᠠᠩ ᠳᠡᠭᠡᠷ᠎ᠡ ᠥᠷᠭᠡᠨ ᠢᠶᠠᠷ ᠤᠯᠠᠮᠵᠢᠯᠠᠵᠤ᠂ ᠨᠠᠮ ᠤᠨ ᠭᠡᠰᠢᠭᠦᠨ ᠺᠠᠳ᠋ᠷ ᠪᠣᠯᠤᠨ ᠥᠷᠭᠡᠨ ᠤᠯᠠᠨ ᠲᠦᠮᠡᠨ ᠴᠠᠭ ᠢᠮᠠᠭᠲᠠ ᠭᠠᠵᠠᠷ ᠪᠣᠯᠭᠠᠨ ᠳᠤ ᠰᠤᠷᠤᠯᠴᠠᠬᠤ ᠶᠢ ᠪᠡᠶᠡᠯᠡᠭᠦᠯᠪᠡ᠃ ᠰᠦᠯᠵᠢᠶᠡᠨ ᠠᠴᠠ ᠭᠠᠳᠠᠨ᠎ᠠ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠮᠡᠳᠡᠯᠭᠡ ᠶᠢᠨ ᠤᠷᠤᠯᠳᠤᠭᠠᠨ︾ ︽ᠰᠤᠷᠤᠯᠭ᠎ᠠ ᠶᠢ ᠬᠡᠷ ᠲᠤᠨᠢ ᠬᠦᠷᠭᠡᠬᠦ︾᠂ ︽ᠲᠤᠰᠬᠠᠶ ᠰᠡᠳᠦᠪᠲᠦ ᠮᠡᠳᠡᠭᠦᠯᠦᠯᠲᠡ ᠶᠢᠨ ᠬᠤᠷᠠᠯ︾᠂ ︽ᠲᠤᠰᠬᠠᠶ ᠰᠡᠳᠦᠪᠲᠦ ᠪᠣᠯᠪᠠᠰᠤᠷᠠᠯ︾ ᠵᠡᠷᠭᠡ ᠠᠵᠢᠯᠯᠠᠭ᠎ᠠ ᠵᠢᠴᠢ ᠬᠤᠷᠠᠯ ᠢ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠶᠢᠯᠠᠭᠠᠬᠤ ᠶᠢ ᠭᠦᠨᠵᠡᠭᠡᠶᠢᠷᠡᠭᠦᠯᠪᠡ᠃
 
ᠢᠷᠡᠯᠲᠡ᠄ ᠤᠯᠢᠶᠠᠰᠤᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号