ᠤᠯᠢᠶᠠᠰᠤᠲᠠᠢ ᠪᠠᠯᠭᠠᠰᠤ ︽ᠡᠪᠦᠯ ᠬᠠᠪᠣᠷ ᠤᠨ ᠤᠯᠠᠷᠢᠯ ᠤᠨ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠵᠦ᠂ ᠪᠠᠭ᠎ᠠ ᠭᠠᠯ ᠠᠴᠠ ᠠᠮᠢᠨ ᠬᠡᠷᠡᠭ ᠭᠠᠷᠬᠤ  ᠶᠢ ᠡᠷᠡᠰ ᠬᠤᠷᠢᠭᠯᠠᠬᠤ︾ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/12/8
      ᠡᠪᠦᠯ ᠬᠠᠪᠤᠷ ᠤᠨ ᠭᠠᠯ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠵᠦ᠂ ︽ᠪᠠᠭ᠎ᠠ ᠭᠠᠯ ᠠᠴᠠ ᠠᠮᠢᠨ ᠬᠡᠷᠡᠭ ᠭᠠᠷᠬᠤ  ︾  ᠶᠢ ᠡᠷᠡᠰ ᠬᠤᠷᠢᠭᠯᠠᠵᠤ᠂ ᠰᠠᠭᠤᠭᠠᠯᠢ ᠠᠷᠠᠳ ᠮᠠᠯᠴᠢᠨ ᠲᠦᠮᠡᠨ ᠤ ᠠᠮᠤᠷ ᠲᠦᠪᠰᠢᠨ ᠤ ᠦᠵᠡᠯ ᠤᠬᠠᠮᠰᠠᠷ ᠢ  ᠲᠡᠭᠡᠭᠰᠢᠯᠡᠭᠦᠯᠦᠨ᠂ ᠣᠯᠠᠨ ᠲᠦᠮᠡᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠡᠶᠢᠭᠡᠮ ᠤᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠦᠯᠦᠭᠡ ︽ᠡᠪᠦᠯ ᠬᠠᠪᠤᠷ ᠤᠨ ᠤᠯᠠᠷᠢᠯ  ᠤᠨ ᠭᠠᠯ ᠤᠨ ᠠᠶᠤᠯ   ᠢ ᠣᠷᠳᠴᠢᠯᠠᠨ ᠰᠡᠷᠭᠡᠶᠢᠯᠡᠵᠦ᠂ ᠪᠠᠭ᠎ᠠ ᠭᠠᠯ ᠠᠴᠠ ᠠᠮᠢᠨ ᠬᠡᠷᠡᠭ ᠭᠠᠷᠬᠤ ᠶᠢ ᠡᠷᠡᠰ ᠬᠤᠷᠢᠭᠯᠠᠬᠤ︾ ᠰᠢᠷᠢᠰ ᠠᠵᠢᠯᠯᠠᠭ᠎ᠠ ᠶᠢ  ᠦᠷᠨᠢᠭᠦᠯᠦᠪᠡ᠃      11 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠤᠯᠢᠶᠠᠰᠤᠲᠠᠶ ᠪᠠᠯᠭᠠᠰᠤ ᠡᠯ᠎ᠡ ᠭᠠᠴᠠᠭ᠎ᠠ᠂ ᠨᠡᠶᠢᠭᠡᠮ ᠲᠣᠭᠤᠷᠢᠭ᠂ ᠪᠠᠯᠭᠠᠰᠤᠨ ᠤ ᠪᠠᠶᠢᠭᠤᠯᠤᠯᠭ᠎ᠠ ᠶᠢᠨ ᠺᠠᠳ᠋ᠷ ᠠᠵᠢᠯᠲᠠᠳ ᠢ ᠵᠣᠬᠢᠶᠠᠨ ᠪᠠᠶᠢᠭᠤᠯᠤᠨ ︽ᠡᠪᠦᠯ ᠬᠠᠪᠤᠷ ᠤᠨ ᠭᠠᠯ ᠤᠨ ᠭᠠᠮᠰᠢᠭ ᠢ ᠴᠢᠩᠭ᠎ᠠ ᠰᠡᠷᠭᠡᠶᠢᠯᠡᠵᠦ᠂ ᠪᠠᠭ᠎ᠠ ᠭᠠᠯ ᠠᠴᠠ ᠠᠮᠢᠨ ᠬᠡᠷᠡᠭ ᠭᠠᠷᠬᠤ ᠶᠢ ᠡᠷᠡᠰ ᠬᠤᠷᠢᠭᠯᠠᠬᠤ  ︾ ᠠᠮᠤᠷ ᠲᠦᠪᠰᠢᠨ ᠤ ᠤᠬᠠᠭᠤᠯᠭ᠎ᠠ ᠶᠢᠨ ᠳᠠᠶᠢᠴᠢᠯᠠᠯᠲᠠ ᠶᠢᠨ ᠬᠤᠷᠠᠯ  ᠬᠤᠷᠠᠯᠳᠤᠭᠤᠯᠪᠠ᠃ ᠦᠳᠡ ᠶᠢᠨ ᠬᠤᠶᠢᠨ᠎ᠠ᠂  ᠰᠠᠭᠠᠮᠠᠢ ᠨᠡᠶᠢᠭᠡᠮ ᠲᠣᠭᠤᠷᠢᠭ ᠤᠨ ᠡᠵᠢᠨᠠᠭᠤᠷ  ᠰᠠᠭᠤᠭᠠᠯᠢ ᠲᠣᠭᠤᠷᠢᠭ ᠤᠨ ᠠᠭᠤᠳᠠᠮ ᠲᠠᠯᠠᠪᠠᠢ ᠳᠤ ︽ᠡᠪᠦᠯ ᠬᠠᠪᠤᠷ ᠤᠨ ᠤᠯᠠᠷᠢᠯ ᠤᠨ ᠭᠠᠯ ᠤᠨ ᠠᠶᠤᠯ ᠢ ᠣᠷᠳᠴᠢᠯᠠᠨ ᠰᠡᠷᠭᠡᠶᠢᠯᠡᠵᠦ᠂ ᠪᠠᠭ᠎ᠠ ᠭᠠᠯ   ᠠᠴᠠ ᠠᠮᠢᠨ ᠬᠡᠷᠡᠭ ᠭᠠᠷᠬᠤ ᠶᠢ ᠡᠷᠡᠰ ᠬᠤᠷᠢᠭᠯᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠢᠶᠠᠰᠤᠲᠠᠢ ᠪᠠᠯᠭᠠᠰᠤᠨ ᠤ ᠨᠠᠮ ᠵᠠᠰᠠᠭ ᠤᠨ ᠤᠳᠤᠷᠢᠳᠤᠯᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ᠂  ᠬᠤᠰᠢᠭᠤ ᠭᠠᠯ ᠣᠨᠲᠠᠷᠭᠠᠠᠬᠤ ᠠᠪᠤᠷᠠᠨ ᠲᠤᠰᠠᠯᠠᠬᠤ ᠶᠡᠭᠡ ᠠᠩᠬᠢ᠂ ᠪᠠᠯᠭᠠᠰᠤᠨ ᠤ ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ᠂ ᠡᠯ᠎ᠡ ᠨᠡᠶᠢᠭᠡᠮ ᠲᠣᠭᠤᠷᠢᠭ ᠤᠨ ᠠᠵᠢᠯᠳᠠᠨ᠂ ᠬᠡᠰᠡᠭ ᠠᠳᠠᠯ ᠠᠬᠤᠢ ᠶᠢᠨ ᠦᠢᠯᠡᠰ᠂ ᠳᠤᠮᠳᠠ ᠪᠠᠭ᠎ᠠ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠴᠠᠬᠢᠯᠭᠠᠨ ᠭᠠᠩᠨᠠᠭᠤᠷ ᠤᠨ ᠲᠡᠯᠭᠡᠭᠦᠷ ᠶᠢᠨ ᠠᠵᠢᠯᠳᠠᠨ᠂ ᠰᠠᠭᠤᠭᠠᠯᠢ ᠠᠷᠠᠳ ᠲᠤᠰ ᠠᠵᠢᠯᠯᠠᠭ᠎ᠠ ᠳᠤ ᠣᠷᠣᠯᠴᠠᠵᠠᠢ᠃ ᠲᠤᠰ ᠠᠵᠢᠯᠯᠠᠭ᠎ᠠ ᠶᠢ ᠪᠠᠯᠭᠠᠰᠤᠨ ᠤ ᠳᠡᠳ᠋ ᠳᠠᠷᠤᠭ᠎ᠠ ᠪᠢᠯᠢᠭᠲᠦ ᠨᠥᠬᠦᠷ  ᠡᠷᠬᠢᠯᠡᠵᠦ ᠂ ᠡᠩ ᠲᠡᠷᠢᠭᠦᠨ ᠳᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠷᠧᠨ ᠱᠣᠣ ᠶᠠᠩ ᠨᠥᠬᠦᠷ ᠶᠠᠷᠢᠶ᠎ᠠ ᠲᠠᠯᠪᠢᠵᠤ᠂  ᠭᠠᠯ ᠤᠨᠲᠠᠷᠠᠭᠠᠬᠤ ᠠᠮᠤᠷ ᠲᠦᠪᠰᠢᠨ ᠨᠢ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠭᠠᠯ ᠤᠨᠲᠠᠷᠠᠭᠠᠬᠤ ᠠᠮᠤᠷ ᠲᠦᠪᠰᠢᠨ ᠢ ᠬᠠᠮᠠᠭᠠᠯᠠᠬᠤ ᠪᠣᠯ ᠪᠥᠬᠦ ᠪᠠᠯᠭᠠᠰᠤᠨ ᠤ ᠪᠥᠬᠦ ᠰᠠᠭᠤᠭᠠᠯᠢ ᠠᠷᠠᠳ ᠤᠨ ᠬᠠᠮᠲᠤ ᠶᠢᠨ ᠬᠠᠷᠢᠭᠤᠴᠠᠯᠭ᠎ᠠ ᠮᠥᠨ᠂ ᠲᠤᠰ ᠵᠢᠯ ᠬᠡᠰᠡᠭ ᠭᠠᠵᠠᠷ ᠣᠷᠣᠨ ᠳᠤ ︽ ᠪᠠᠭ᠎ᠠ ᠭᠠᠯ ᠠᠴᠠ ᠠᠮᠢᠨ ᠬᠡᠷᠡᠭ ᠭᠠᠷᠤᠭᠰᠠᠨ︾ ᠠᠳᠡᠯ ᠭᠠᠷᠴᠤ ᠪᠠᠶᠢᠭ᠎ᠠ ᠪᠣᠯᠬᠤᠷ ᠥᠷᠭᠡᠨ ᠣᠯᠠᠨ ᠰᠠᠭᠤᠭᠠᠯᠢ ᠠᠷᠠᠳ ᠲᠤᠷᠰᠢᠯᠭ᠎ᠠ ᠰᠤᠷᠭᠠᠮᠵᠢ  ᠢ ᠪᠠᠲᠤ ᠴᠡᠭᠡᠵᠢᠯᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠰᠠᠨᠠᠭᠠᠰᠢᠷᠠᠯ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠠᠮᠤᠷ ᠲᠠᠶᠢᠪᠤᠩ ᠡᠶ᠎ᠡ ᠵᠣᠬᠢᠴᠠᠯ ᠲᠠᠢ ᠤᠯᠢᠶᠠᠰᠤᠲᠠᠶ ᠪᠠᠯᠭᠠᠰᠤ ᠶᠢ ᠪᠥᠲᠥᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃ ᠳᠠᠷᠠᠭ᠎ᠠ ᠨᠢ ᠬᠤᠰᠢᠭᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ  ᠠᠵᠢᠯᠲᠠᠨ ᠲᠤᠬᠠᠶ ᠶᠢᠨ ᠲᠠᠯᠠᠪᠠᠶ ᠳᠤ ᠭᠠᠯ ᠤᠨᠲᠠᠷᠠᠭᠠᠬᠤ ᠮᠡᠷᠭᠡᠵᠢᠯ ᠤᠨ ᠪᠣᠳᠠᠲᠤ ᠠᠵᠢᠯᠯᠠᠭ᠎ᠠ ᠶᠢ ᠦᠷᠨᠢᠭᠦᠯᠵᠦ᠂ ᠰᠢᠲᠠᠮᠠᠬᠠᠶ ᠬᠡᠶ ᠪᠣᠯᠤᠨ ᠬᠡᠷ ᠤᠨ ᠴᠠᠬᠢᠯᠭᠠᠨ ᠬᠡᠷᠡᠭᠰᠡᠯ ᠢ ᠵᠢᠷᠤᠮᠵᠢᠭᠤᠯᠤᠨ ᠬᠡᠷᠡᠭᠯᠡᠬᠦ ᠮᠡᠳᠡᠯᠭᠡ ᠶᠢ ᠣᠯᠠᠨ ᠳᠤ ᠤᠬᠠᠭᠤᠯᠵᠤ᠂ ᠲᠤᠬᠠᠶ ᠶᠢᠨ ᠲᠠᠯᠠᠪᠠᠶ ᠳᠤ ᠭᠠᠯ ᠤᠨᠲᠠᠷᠠᠭᠠᠬᠤ ᠮᠡᠳᠡᠯᠭᠡ ᠶᠢᠨ ᠭᠠᠷ ᠳᠡᠪᠲᠡᠷ ᠢ ᠲᠠᠷᠬᠠᠭᠠᠵᠤ᠂ ᠰᠠᠭᠤᠭᠠᠯᠢ ᠠᠷᠠᠳ ᠲᠤ ᠠᠮᠤᠷ ᠲᠦᠪᠰᠢᠨ ᠤ ᠳᠠᠯᠳᠠ ᠬᠡᠮ ᠤᠨ ᠤᠬᠠᠮᠰᠠᠷ ᠢ ᠳᠡᠭᠡᠭᠰᠢᠯᠡᠭᠦᠯᠬᠦ ᠶᠢᠨ ᠴᠢᠬᠤᠯᠠ ᠴᠢᠨᠠᠷ ᠢ ᠤᠬᠠᠭᠤᠯᠪᠠ᠃      ᠲᠠᠷᠠᠭᠠᠴᠢ ᠶᠢᠨ ᠠᠯᠬᠤᠮ ᠳᠤ᠂ ᠤᠯᠢᠶᠠᠰᠤᠲᠠᠢ ᠪᠠᠯᠭᠠᠰᠤ ᠨᠢ ᠠᠮᠤᠷ ᠲᠦᠪᠰᠢᠨ ᠤ ᠲᠠᠯᠲᠠ ᠬᠡᠮ ᠢ ᠮᠦᠷᠳᠡᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠶᠢ ᠪᠡᠶᠡᠯᠡᠭᠦᠯᠵᠦ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠣᠶ ᠪᠤᠯᠭᠠᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号