ᠠᠯᠲᠠᠨᠬᠢᠯᠢ ᠰᠤᠮᠤ ᠨᠢ 2022 ᠣᠨ ᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠲᠤᠭᠠᠴᠢᠯᠲᠠ ᠶᠢᠨ ᠦᠨᠠᠯᠠᠯᠲᠠ  ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/8
      2022 ᠣᠨ ᠤ 12 ᠰᠠᠷ᠎ᠠ ᠶᠢᠨ 7  ᠤ ᠡᠳᠦᠷ᠂ ᠠᠯᠲᠠᠨᠬᠢᠯᠢ ᠰᠤᠮᠤ ᠨᠢ 2022 ᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠢ ᠲᠤᠰᠢᠶᠠᠯ ᠤᠨ ᠲᠤᠭᠠᠴᠢᠯᠲᠠ ᠶᠢᠨ ᠦᠨᠠᠯᠠᠯᠲᠠ ᠶᠢᠨ ᠬᠤᠷᠠᠯ ᠬᠤᠷᠠᠯᠲᠤᠭᠤᠯᠵᠤ᠂ ᠰᠣᠮᠤᠨ ᠤ ᠨᠠᠮ ᠤᠨ ᠬᠤᠷᠢᠶᠠᠨ ᠤ ᠲᠡᠳ᠋ ᠱᠦᠵᠢ ᠠᠯᠳᠠ ᠨᠦᠬᠦᠷ ᠬᠤᠷᠠᠯ ᠡᠷᠬᠢᠯᠠᠨ᠂ ᠰᠤᠮᠤᠨ ᠤ ᠨᠠᠮ ᠵᠠᠰᠠᠭ ᠤᠨ ᠤᠲᠤᠷᠢᠳᠬᠤ ᠪᠠᠭ ᠤᠨ ᠭᠡᠰᠢᠭᠦᠨ᠂ ᠭᠠᠴᠠᠭ᠎ᠠ ︵ᠨᠡᠶᠢᠭᠡᠮ ᠲᠣᠭᠤᠷᠢᠭ︶ ᠤᠨ ︽ᠬᠤᠶᠠᠷ ᠵᠦᠪᠯᠡᠯ︾ ᠤᠨ ᠬᠡᠰᠢᠬᠦᠨ᠂ ᠬᠡᠰᠡᠭ ᠨᠠᠮ ᠤᠨ ᠭᠡᠰᠢᠬᠦᠨ ᠭᠤᠤᠯᠯᠠᠬᠤ ᠡᠷᠦᠬᠡ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠵᠢᠴᠢ ᠪᠠᠶᠢᠭᠤᠯᠭ᠎ᠠ ᠶᠢᠨ ᠪᠦᠬᠦ ᠺᠠᠳ᠋ᠷ ᠠᠵᠢᠯᠳᠠᠨ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ  ᠲᠤ ᠬᠢᠨᠠᠯᠲᠠ ᠲᠠᠯᠪᠢᠬᠤ ᠪᠠ ᠬᠢᠨᠠᠨ ᠦᠨᠡᠯᠬᠦ ᠠᠯᠪᠠᠨ ᠬᠡᠷ ᠤᠨ ᠡᠷᠬᠢᠯᠡᠭᠴᠢ ᠮᠠᠨᠲᠠᠷᠸ᠎ᠠ ᠨᠦᠬᠦᠷ ᠬᠤᠷᠠᠯ ᠳᠤ ᠰᠠᠭᠠᠲᠠᠵᠤ ᠵᠢᠭᠠᠨ ᠵᠢᠯᠣᠭᠤᠳᠪᠠ᠃      ᠬᠤᠷᠠᠯ ᠳᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢ ᠰᠤᠷᠤᠯᠴᠠᠯᠭ᠎ᠠ ᠬᠥᠮᠦᠵᠢᠯ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠨᠠᠮ ᠤᠨ ᠭᠡᠰᠢᠭᠦᠨ ᠬᠦᠮᠤᠵᠢᠬᠦᠯᠬᠦ᠂ ᠨᠠᠮ ᠤᠨ ᠭᠡᠰᠢᠬᠦᠨ ᠤ ᠬᠦᠮᠦᠵᠢᠯ ᠬᠠᠮᠢᠶᠠᠷᠣᠯᠳᠠ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠬᠦ᠂ ᠦᠨᠳᠦᠰᠦᠨ ᠱᠠᠳᠣᠨ ᠤ ᠨᠡᠶᠢᠭᠡᠮ ᠤᠨ ᠵᠠᠰᠠᠯᠳᠠ᠂ ᠬᠥᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠢ ᠡᠭᠦᠳᠦᠨ ᠪᠠᠶᠢᠭᠤᠯᠬᠤ ᠵᠢᠴᠢ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠭᠤᠤᠯᠲᠠᠯᠭᠠᠲᠤ ᠠᠵᠢᠯ ᠤᠨ ᠲᠣᠭᠤᠷᠢᠨ ᠳᠤ ᠲᠤᠰᠢᠶᠠᠯ ᠤᠨ ᠲᠤᠭᠠᠴᠢᠯᠲᠠ ᠬᠢᠬᠦ ᠶᠢᠨ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ 2023 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠪᠠᠶᠢᠷᠢᠯᠠᠭᠤᠯᠤᠯᠲᠠ ᠬᠢᠪᠠ᠃      ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠲᠤᠰᠢᠶᠠᠯ ᠤᠨ ᠲᠤᠭᠠᠴᠢᠯᠲᠠ ᠶᠢᠨ ᠪᠠᠶᠢᠳᠠᠯ ᠢ ᠳᠠᠷᠠᠭᠠᠯᠠᠨ ᠦᠨᠡᠯᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠠ ᠵᠢᠴᠢ ᠳᠠᠷᠠᠭᠠᠴᠢ ᠶᠢᠨ ᠠᠯᠬᠤᠮ ᠤᠨ ᠴᠢᠷᠮᠠᠶᠢᠬᠤ ᠴᠢᠭᠯᠡᠯ   ᠢ ᠵᠢᠭᠠᠵᠤ ᠭᠠᠷᠭᠠᠭᠰᠠᠨ ᠪᠥᠭᠡᠳ ᠡᠯ᠎ᠡ ᠨᠠᠮ ᠤᠨ ᠡᠭᠦᠷ ᠤᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠᠶᠢᠳᠠᠯ ᠳᠤ ᠠᠷᠠᠳᠴᠢᠯᠠᠯ ᠢᠶᠠᠷ ᠦᠨᠡᠯᠡᠯᠲᠡ ᠬᠢᠪᠠ  ᠃      ᠵᠢᠯᠤᠭᠤᠳᠬᠤ ᠳᠤᠭᠤᠶᠢᠯᠠᠩ ᠠᠴᠠ ᠲᠤᠰ ᠤᠳᠠᠭᠠᠨ ᠤ ᠲᠤᠰᠢᠶᠠᠯ ᠤᠨ ᠲᠤᠭᠠᠴᠢᠯᠲᠠ ᠶᠢᠨ ᠬᠤᠷᠠᠯ ᠵᠢᠴᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠵᠢᠭᠠᠵᠤ ᠭᠠᠷᠭᠠᠭᠰᠠᠨ ᠨᠢ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠠᠳᠬᠤᠬᠤ ᠪᠠᠨ ᠴᠢᠨᠠᠭᠰᠢᠳᠠ ᠴᠢᠩᠭᠠᠳᠬᠠᠨ᠂  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠳᠦᠷᠢᠮ︾ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠳᠡᠮ ᠣᠷᠣᠰᠢᠵᠤ ᠪᠠᠶᠢᠭ᠎ᠠ ᠠᠰᠠᠭᠤᠳᠠᠯ ᠵᠢᠴᠢ ᠲᠣᠰ ᠤᠳᠠᠭᠠᠨ ᠤ ᠲᠤᠰᠢᠶᠠᠯ ᠤᠨ ᠲᠤᠭᠠᠴᠠᠯᠳᠠ ᠶᠢᠨ ᠬᠤᠷᠠᠯ ᠤᠨ ᠦᠨᠡᠯᠡᠯᠲᠡ ᠶᠢᠨ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠢᠨᠠᠮᠠᠭᠠᠢ ᠲᠣᠭᠲᠠᠭᠠᠵᠤ᠂ ᠲᠤᠰᠢᠶᠠᠯ ᠤᠨ ᠲᠤᠭᠠᠴᠠᠯᠳᠠ ᠶᠢᠨ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ︔ ᠨᠠᠮ ᠤᠨ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠳᠦᠷᠢᠮ ᠢ ᠤᠯᠠᠮ ᠨᠢᠭᠡ ᠠᠯᠬᠤᠮ ᠴᠢᠩᠭ᠎ᠠ ᠵᠢᠷᠤᠮᠵᠢᠭᠤᠯᠤᠨ ᠬᠡᠷᠡᠭᠵᠢᠭᠦᠯᠵᠦ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ᠂ ᠠᠷᠠᠳᠴᠢᠯᠠᠯ ᠢᠶᠠᠷ ᠨᠠᠮ ᠤᠨ ᠭᠡᠰᠢᠭᠦᠨ ᠢ ᠦᠨᠡᠯᠡᠬᠦ ᠵᠡᠷᠭᠡ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠨᠥᠯᠥᠭᠡᠯᠡᠬᠦ ᠬᠦᠴᠦᠨ ᠢ ᠲᠡᠭᠡᠭᠰᠢᠯᠡᠬᠦᠯᠦᠨ᠂ ᠲᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠮ ᠥᠨᠳᠥᠷ ᠤᠯᠤᠰ ᠲᠦᠷᠦ ᠶᠢᠨ ᠵᠣᠭᠰᠣᠴᠠ᠂ ᠤᠯᠠᠮ ᠴᠢᠩᠭ᠎ᠠ ᠠᠵᠢᠯ ᠤᠨ ᠡᠷᠴᠢᠮ ᠢᠶᠠᠷ ᠲᠤᠳᠠᠬᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠪᠤᠵᠠᠭᠠᠶᠢᠷᠠᠭᠤᠯᠤᠨ ᠳᠡᠭᠡᠭᠰᠢᠯᠡᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠪᠠ᠃      ᠬᠤᠷᠠᠯ ᠠᠴᠠ ᠨᠢᠭᠡ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠬᠤᠰᠢᠭᠤ ᠨᠠᠮ ᠤᠨ ᠬᠤᠷᠢᠶ᠎ᠠ᠂ ᠰᠤᠮᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠳᠦᠷᠢᠮ ᠪᠠ ᠢᠵᠢ ᠪᠦᠷᠢᠳᠦᠭᠰᠡᠨ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠨᠠᠮ ᠤᠨ ᠡᠬᠦᠷ ᠤᠨ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠴᠢᠳᠠᠪᠤᠷᠢ ᠶᠢ ᠬᠦᠴᠦᠯᠡᠨ ᠲᠡᠬᠡᠭᠰᠢᠯᠠᠬᠦᠯᠬᠦ ᠬᠡᠷᠡᠭᠲᠡᠢ︔ ᠬᠤᠶᠠᠷ ᠲᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠭᠤᠷᠪᠠᠨ ᠬᠦᠴᠦᠷᠬᠡᠭ ᠭᠤᠷᠪᠠᠨ ᠰᠢᠯᠢᠳᠡᠭ︾ ᠤᠨ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ︽ᠲᠠᠪᠤᠨ ᠬᠦᠴᠦᠷᠬᠡᠭ︾ ᠤᠨ ᠪᠠᠶᠢᠭᠤᠯᠤᠯᠲᠠ ᠶᠢᠨ ᠪᠠᠷᠢᠮᠵᠢᠶ᠎ᠠ ᠲᠠᠢ ᠬᠠᠷᠢᠴᠠᠭᠤᠯᠵᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠷᠦᠯ ᠲᠡᠮᠳᠡᠭ ᠢ ᠬᠦᠴᠦᠯᠡᠨ ᠡᠭᠦᠳᠬᠦ ᠪᠠᠷ ᠴᠢᠷᠮᠡᠶᠢᠬᠤ ᠬᠡᠷᠡᠭᠲᠡᠢ︔ ᠭᠤᠷᠪᠠ ᠳᠤ᠂ ︽ᠰᠣᠶᠣᠯ ᠰᠤᠷᠭᠠᠨ ᠬᠥᠮᠦᠵᠢᠯ᠂ ᠰᠠᠶᠢᠨ ᠳᠤᠷ᠎ᠠ ᠶᠢᠨ ᠦᠢᠯᠡᠴᠢᠯᠡᠭᠡ᠂ ᠬᠥᠭᠵᠢᠯᠲᠡ ᠢ ᠬᠦᠲᠤᠯᠤᠨ ᠲᠠᠭᠠᠭᠤᠯᠬᠤ᠂ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ︾ ᠵᠡᠷᠬᠡ 4 ᠬᠡᠯᠪᠡᠷᠢ ᠶᠢᠨ ᠨᠠᠮ ᠤᠨ ᠭᠡᠰᠢᠭᠦᠨ ᠭᠤᠤᠯᠯᠠᠬᠤ ᠡᠷᠦᠬᠡ ᠶᠢᠨ ᠵᠢᠱᠢᠶ᠎ᠡ ᠦᠵᠠᠬᠦᠯᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠲᠠᠷᠠᠭᠤᠯᠤᠨ᠂ ᠨᠠᠮ ᠤᠨ ᠭᠡᠰᠢᠭᠦᠨ ᠭᠤᠤᠯᠯᠠᠬᠤ ᠡᠷᠦᠬᠡ ᠶᠢᠨ APP ᠶᠢᠨ ᠤᠬᠠᠭᠤᠯᠤᠨ ᠳᠡᠯᠭᠡᠷᠡᠭᠦᠯᠦᠯᠲᠡ ᠶᠢ ᠬᠦᠴᠦᠯᠡᠨ ᠴᠢᠩᠭᠠᠳᠬᠠᠵᠤ᠂ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ︔ ᠳᠥᠷᠪᠡ ᠳᠤ᠂ ᠡᠯ᠎ᠡ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠲᠥᠷᠥᠯ ᠵᠦᠢᠯ ᠤᠨ ᠲᠥᠯᠦᠪᠵᠢᠭᠦᠯᠭᠡ ᠲᠠᠢ ᠨᠢᠭᠲᠠ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠪᠠᠷ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠲᠥᠯᠥᠨ ᠲᠠᠭᠠᠭᠤᠯᠤᠨ ᠬᠥᠭᠵᠢᠭᠦᠯᠦᠨ ᠪᠤᠵᠠᠭᠠᠶᠢᠷᠠᠭᠤᠯᠬᠤ ᠲᠣᠭᠲᠠᠴᠠ ᠶᠢ ᠲᠠᠬᠦᠯᠲᠠᠷᠵᠢᠬᠦᠯᠤᠨ ᠪᠦᠷᠢᠨᠰᠢᠭᠦᠯᠵᠦ᠂ ︽ᠬᠠᠮᠲᠤ ᠶᠢᠨ ᠠᠵᠤ ᠠᠬᠤᠢ ᠶᠢᠨ ᠬᠤᠷᠰᠢᠶᠠᠵᠢᠯ + ᠲᠡᠵᠢᠭᠡᠨ ᠦᠷᠡᠵᠢᠭᠦᠯᠬᠦ ᠰᠠᠭᠤᠷᠢᠨ ᠭᠠᠵᠠᠷ + ᠮᠠᠯᠵᠢᠬᠤ ᠡᠷᠦᠬᠡ︾ ᠶᠢ ᠨᠢᠭᠡ ᠴᠣᠭᠴᠠᠵᠢᠭᠤᠯᠤᠭᠰᠠᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ︽ᠥᠪᠡᠰᠦᠪᠡᠨ ᠴᠢᠰᠤ ᠪᠦᠲᠦᠭᠡᠬᠦ︾ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠬᠡᠵᠤ  ᠴᠢᠬᠤᠯᠡᠴᠢᠯᠠᠪᠠ  ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号