ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠠᠶᠤᠯᠭᠦᠶ | ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠳᠤ᠄ | ᠠᠶᠢᠮᠠᠭ ᠤᠨ ᠵᠠᠬᠢᠷᠭ᠎ᠠ ᠶᠢᠨ ︽ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠶᠤᠯᠭᠦᠶ ᠦᠢᠯᠡᠳᠪᠦᠷᠢᠯᠡᠯ ᠤᠨ | ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠪᠠ ᠠᠶᠢᠮᠠᠭ ᠤᠨ ᠵᠠᠬᠢᠷᠭ᠎ᠠ ᠶᠢᠨ ᠤᠳᠤᠷᠢᠳᠬᠤ ᠺᠠᠳ᠋ᠷᠴᠤᠳ ᠤᠨ | ᠠᠶᠤᠯᠭᠦᠶ ᠦᠢᠯᠡᠳᠪᠦᠷᠢᠯᠡᠯ ᠤᠨ ᠠᠵᠢᠯ ᠤᠨ ᠣᠨ ᠤ ᠡᠭᠦᠷᠭᠡ ᠶᠢᠨ ᠨᠠᠷᠢᠨ ᠳᠠᠩᠰᠠ︾ ︵ᠰᠢᠯᠢ ᠠᠯᠪᠠᠨ | ᠲᠠᠷᠬᠠᠭᠠᠭᠰᠠᠨ ﹇2022﹈ 52 ᠲᠣᠭᠠᠲᠤ︶ ᠶᠢᠨ ᠪᠢᠴᠢᠭ ᠮᠠᠲ᠋ᠧᠷᠢᠶᠠᠯ ᠪᠠ ᠣᠷᠣᠨ ᠨᠤᠲᠤᠭ ᠤᠨ ᠨᠠᠮ ᠵᠠᠰᠠᠭ ᠤᠨ | ᠤᠳᠤᠷᠢᠳᠬᠤ ᠺᠠᠳ᠋ᠷᠴᠤᠳ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠬᠤᠯᠪᠣᠭᠳᠠᠯ | ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠵᠠᠰᠠᠭ ᠤᠨ ᠣᠷᠳᠣᠨ ᠠᠴᠠ ᠶᠡᠷᠢᠯᠴᠠᠨ | ᠨᠢᠭᠲᠠᠯᠠᠭᠠᠳ᠂ ᠣᠳᠤ ︽ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠶ | ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠪᠠ ᠵᠠᠰᠠᠭ ᠤᠨ ᠣᠷᠳᠣᠨ ᠤ ᠤᠳᠤᠷᠢᠳᠬᠤ | ᠺᠠᠳ᠋ᠷᠴᠤᠳ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠣᠨ ᠤ ᠡᠭᠦᠷᠭᠡ ᠶᠢᠨ ᠨᠠᠷᠢᠨ ᠲᠠᠩᠰᠠ︾ ᠶᠢ | ᠲᠠᠨᠠᠷ ᠲᠤ ᠳᠠᠷᠤᠮᠠᠯᠯᠠᠨ ᠲᠠᠷᠬᠠᠭᠠᠶ᠎ᠠ᠂ ᠨᠠᠷᠢᠨ ᠬᠢᠨᠠᠮᠠᠭᠠᠶ ᠰᠠᠶᠢᠲᠤᠷ ᠠᠳᠬᠤᠵᠤ ᠨᠠᠶᠢᠳᠠᠪᠦᠷᠢᠵᠢᠭᠤᠯᠬᠤ ᠬᠡᠷᠡᠭᠲᠡᠢ᠃ | 2022 ᠣᠨ ᠤ 9 ᠰᠠᠷ᠎ᠠ ᠶᠢᠨ 19 ᠤ ᠡᠳᠦᠷ | ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠡᠭᠦᠷᠭᠡ | ᠬᠠᠷᠢᠭᠤᠴᠠᠯᠭ᠎ᠠ ᠶᠢᠨ ᠨᠠᠷᠢᠨ ᠲᠠᠩᠰᠠ ᠪᠠ ᠵᠠᠰᠠᠭ ᠤᠨ ᠣᠷᠳᠣᠨ ᠤ ᠤᠳᠤᠷᠢᠳᠬᠤ ᠺᠠᠳ᠋ᠷ ᠤᠨ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠣᠨ ᠤ ᠡᠭᠦᠷᠭᠡ ᠶᠢᠨ ᠲᠣᠳᠣᠷᠬᠠᠶ ᠬᠠᠭᠤᠳᠠᠰᠤ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ | ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠶ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠶᠤᠯᠭᠦᠶ ᠦᠢᠯᠡᠳᠪᠦᠷᠢᠯᠡᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠤᠰ | ᠬᠠᠷᠢᠭᠤᠴᠠᠯᠭ᠎ᠠ ᠲᠠᠢ᠂ ᠵᠡᠷᠭᠡᠪᠡᠷ ᠠᠳᠬᠤᠵᠤ ᠬᠠᠮᠲᠤ ᠪᠠᠷ ᠬᠠᠮᠢᠶᠠᠷᠬᠤ᠂ ᠬᠠᠷᠢᠭᠤᠴᠠᠯᠭ᠎ᠠ ᠪᠠᠨ ᠠᠯᠳᠠᠪᠠᠯ | ᠬᠠᠷᠢᠭᠤᠴᠠᠯᠭ᠎ᠠ ᠨᠡᠬᠡᠮᠵᠢᠯᠡᠬᠦ︾ ᠪᠠ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ | ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ | ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠵᠠᠷᠴᠢᠮ ᠶᠣᠰᠣᠭᠠᠷ᠂ | ᠣᠨᠴᠠᠭᠠᠶᠢᠯᠠᠨ ᠬᠤᠰᠢᠭᠤ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ | ᠨᠠᠷᠢᠨ ᠲᠠᠩᠰᠠ ᠪᠠ ᠬᠤᠰᠢᠭᠤ ᠵᠠᠰᠠᠭ ᠤᠨ ᠣᠷᠳᠣᠨ ᠤ ᠤᠳᠤᠷᠢᠳᠬᠤ ᠺᠠᠳ᠋ᠷ ᠤᠨ ᠠᠶᠤᠯᠭᠦᠶ ᠦᠢᠯᠡᠳᠪᠦᠷᠢᠯᠡᠯ ᠤᠨ | ᠠᠵᠢᠯ ᠤᠨ ᠣᠨ ᠤ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠪᠠ᠃ | ᠨᠢᠭᠡ᠂ ᠬᠤᠰᠢᠭᠤ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠡᠭᠦᠷᠭᠡ | ⒈ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ | ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠤᠱᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ | ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠵᠢᠴᠢ ᠬᠤᠰᠢᠭᠤ | ᠨᠠᠮ ᠤᠨ ᠬᠤᠷᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠴᠢᠩᠭ᠎ᠠ ᠬᠡᠷᠡᠭᠵᠢᠭᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ ᠪᠣᠳᠠᠲᠠᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠰᠠᠨᠠᠯ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ᠃ | ⒉ᠤᠯᠤᠰ᠂ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠬᠤᠯᠪᠣᠭᠳᠠᠯ ᠪᠥᠬᠦᠢ | ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ ᠶᠢ | ᠴᠢᠩᠭᠠᠳᠬᠠᠨ᠂ ᠪᠥᠬᠦ ᠨᠡᠶᠢᠭᠡᠮ ᠤᠨ ᠠᠶᠤᠯᠭᠦᠶ ᠦᠢᠯᠡᠳᠪᠦᠷᠢᠯᠡᠯ ᠤᠨ ᠦᠵᠡᠯ ᠤᠬᠠᠮᠰᠠᠷ ᠢ ᠨᠡᠮᠡᠭᠳᠡᠭᠦᠯᠦᠨ᠎ᠡ᠃ | ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠠᠤᠯᠢ | ᠲᠣᠭᠲᠠᠭᠠᠯ ᠶᠣᠰᠣᠭᠠᠷ ᠲᠡᠭᠦᠯᠳᠡᠷᠵᠢᠭᠦᠯᠦᠨ᠎ᠡ᠃ | ⒊ᠠᠶᠤᠯᠭᠦᠶ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠭᠤᠯᠭ᠎ᠠ ᠶᠢ ᠤᠯᠤᠰ ᠠᠷᠠᠳ ᠤᠨ ᠠᠵᠤ ᠠᠬᠤᠶ | ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠳᠤ ᠣᠷᠣᠭᠤᠯᠵᠤ | ᠂ ᠠᠶᠤᠯᠭᠦᠶ ᠦᠢᠯᠡᠳᠪᠦᠷᠢᠯᠡᠯ ᠤᠨ ᠣᠨ ᠤ ᠠᠵᠢᠯ ᠤᠨ ᠭᠤᠣᠯᠳᠠᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ⒋ ᠠᠶᠤᠯᠭᠦᠶ ᠦᠢᠯᠡᠳᠪᠦᠷᠢᠯᠡᠯ ᠢ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ | ᠵᠦᠢᠯ ᠳᠡᠭᠡᠨ ᠣᠷᠣᠭᠤᠯᠵᠤ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠠᠭᠠᠰ ᠵᠢᠯ ᠳᠤ ᠠᠳᠠᠭ ᠲᠠᠭᠠᠨ | ᠨᠢᠭᠡ ᠤᠳᠠᠭ᠎ᠠ ᠬᠤᠷᠠᠯᠳᠤᠭᠤᠯᠵᠤ ᠠᠶᠤᠯᠭᠦᠶ ᠦᠢᠯᠡᠳᠪᠦᠷᠢᠯᠡᠯ ᠤᠨ ᠠᠵᠢᠯ ᠢ ᠰᠤᠳᠤᠯᠵᠤ᠂ ᠴᠢᠬᠤᠯᠠ ᠶᠡᠭᠡ | ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠨ᠎ᠡ᠃ | ⒌ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠠᠶᠤᠯᠭᠦᠶ ᠦᠢᠯᠡᠳᠪᠦᠷᠢᠯᠡᠯ ᠤᠨ ᠡᠷᠬᠡ ᠪᠠ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠬᠠᠤᠯᠢ ᠶᠣᠰᠣᠭᠠᠷ ᠲᠣᠭᠲᠠᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ ᠢᠯᠡ | ᠪᠣᠯᠭᠠᠨ᠎ᠠ᠃ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠨᠢᠭᠡᠳᠦᠯᠲᠡᠶ ᠲᠦᠯᠦᠪᠵᠢᠭᠦᠯᠦᠨ | ᠵᠣᠬᠢᠴᠠᠭᠤᠯᠬᠤ᠂ ᠬᠢᠨᠠᠨ ᠪᠠᠶᠢᠴᠠᠭᠠᠬᠤ᠂ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠠᠶᠤᠯᠭᠦᠶ ᠦᠢᠯᠡᠳᠪᠦᠷᠢᠯᠡᠯ ᠤᠨ ︽ᠠᠷᠪᠠᠨ ᠲᠠᠪᠤᠨ ᠵᠦᠢᠯ ᠤᠨ ᠴᠢᠩᠭ᠎ᠠ ᠠᠷᠭ᠎ᠠ ᠬᠡᠮᠵᠢᠶ᠎ᠡ︾ ᠶᠢᠨ | ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ | ᠭᠦᠢᠴᠡᠳᠬᠡᠬᠦ ᠶᠢ ᠱᠠᠭᠠᠷᠳᠠᠨ ᠵᠢᠯᠣᠭᠤᠳᠴᠤ᠂ ᠠᠶᠤᠯᠭᠦᠶ ᠦᠢᠯᠡᠳᠪᠦᠷᠢᠯᠡᠯ ᠤᠨ ᠬᠠᠷᠠᠯᠲᠠᠲᠤ ᠬᠠᠮᠢᠶᠠᠷᠤᠯᠲᠠ ᠶᠢᠨ | ᠬᠠᠷᠢᠭᠤᠴᠠᠯᠭ᠎ᠠ ᠶᠢᠨ ᠲᠦᠷᠢᠮ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠎ᠠ᠃ | ⒍ ᠠᠮᠤᠷ ᠲᠦᠪᠰᠢᠨ ᠤ ᠵᠥᠪᠰᠢᠶᠡᠷᠡᠯ ᠤᠨ ᠪᠠᠷᠢᠮᠵᠢᠶ᠎ᠠ ᠶᠢ ᠴᠢᠩᠭᠠᠳᠬᠠᠵᠤ᠂ ᠠᠮᠤᠷ ᠲᠦᠪᠰᠢᠨ ᠤ | ᠲᠦᠭᠰᠢᠭᠦᠷᠢ ᠶᠢ ᠦᠨᠡᠯᠡᠨ ᠵᠢᠱᠢᠬᠦ ᠪᠠ ᠨᠤᠲᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ | ᠵᠦᠢᠯ ᠢ ᠬᠢᠨᠠᠨ ᠵᠥᠪᠰᠢᠶᠡᠷᠡᠬᠦ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠨ᠎ᠠ᠃ ᠪᠥᠬᠦ ᠬᠤᠰᠢᠭᠤᠨ ᠤ | ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠪᠠ ᠠᠶᠤᠯᠲᠠᠶ | ᠬᠢᠮᠢ ᠶᠢᠨ ᠪᠣᠳᠠᠰ ᠤᠨ ᠠᠶᠤᠯᠭᠦᠶ ᠶᠢᠨ ᠲᠦᠭᠰᠢᠭᠦᠷᠢ ᠶᠢ ᠲᠥᠪᠯᠡᠷᠡᠭᠦᠯᠦᠨ ᠵᠠᠰᠠᠬᠤ ᠠᠵᠢᠯ ᠲᠠᠢ ᠤᠶᠠᠯᠳᠤᠭᠤᠯᠤᠨ᠂ | ᠠᠮᠤᠷ ᠲᠦᠪᠰᠢᠨ ᠤ ᠠᠶᠤᠯ ᠲᠦᠭᠰᠢᠭᠦᠷᠢ ᠶᠢ ᠳᠡᠰ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠭᠡᠮ ᠢ | ᠪᠠᠶᠢᠴᠠᠭᠠᠵᠤ ᠵᠠᠰᠠᠬᠤ ᠤᠷᠢᠳᠴᠢᠯᠠᠨ ᠰᠡᠷᠭᠡᠶᠢᠯᠡᠬᠦ ᠠᠵᠢᠯ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠳᠡᠭᠡᠭᠰᠢᠯᠡᠭᠦᠯᠬᠦ ᠣᠨ ᠤ | ᠠᠵᠢᠯᠯᠠᠭ᠎ᠠ ᠶᠢ ᠪᠥᠬᠦ ᠲᠠᠯ᠎ᠠ ᠪᠠᠷ ᠲᠥᠯᠬᠢᠨ ᠠᠬᠢᠭᠤᠯᠵᠤ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠤᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠴᠢᠩᠭᠠᠳᠬᠠᠵᠤ᠂ | ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠪᠥᠳᠥᠭᠡᠨ | ᠪᠠᠶᠢᠭᠤᠯᠤᠯᠲᠠ ᠶᠢᠨ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠪᠠᠶᠢᠴᠠᠭᠠᠨ ᠰᠢᠢᠳᠪᠦᠷᠢᠯᠡᠵᠦ᠂ | ᠠᠶᠤᠯᠭᠦᠶ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠦᠭᠰᠡᠨ ᠥᠭᠡᠢ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠡ ᠶᠢ ᠬᠠᠤᠯᠢ ᠶᠣᠰᠣᠭᠠᠷ ᠡᠭᠦᠳᠡ ᠶᠢ ᠨᠢ ᠬᠠᠭᠠᠯᠭᠠᠨ᠎ᠠ᠃ | ⒎ ᠠᠶᠤᠯᠭᠦᠶ ᠦᠢᠯᠡᠳᠪᠦᠷᠢᠯᠡᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠶᠤᠯᠭᠦᠶ | ᠦᠢᠯᠡᠳᠪᠦᠷᠢᠯᠡᠯ ᠤᠨ ᠰᠠᠭᠤᠷᠢ ᠪᠥᠲᠥᠭᠡᠨ ᠪᠠᠶᠢᠭᠤᠯᠤᠯᠲᠠ ᠪᠠ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠳᠤ ᠵᠠᠪᠠᠯ ᠱᠠᠭᠠᠷᠳᠠᠭᠳᠠᠬᠤ ᠠᠵᠢᠯᠲᠠᠨ᠂ ᠵᠠᠷᠤᠳᠠᠯ ᠪᠠ | ᠲᠡᠷᠭᠡ ᠬᠥᠰᠬᠡ ᠵᠡᠷᠭᠡ ᠲᠥᠬᠦᠭᠡᠷᠦᠮᠵᠢ ᠶᠢ ᠪᠠᠲᠤᠯᠠᠨ᠎ᠠ᠃ | ⒏ ᠪᠥᠬᠦ ᠬᠤᠰᠢᠭᠤᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠤᠨ ᠲᠤᠭᠳᠠᠯᠴᠠᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ | ᠵᠣᠬᠢᠶᠠᠨ ᠪᠠᠶᠢᠭᠤᠯᠤᠨ᠎ᠠ᠃ | ⒐ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠲᠣᠭᠲᠠᠭᠠᠯ | ᠶᠣᠰᠣᠭᠠᠷ ᠥᠷᠨᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠱᠠᠭᠠᠷᠳᠠᠨ ᠰᠢᠢᠳᠪᠦᠷᠢᠯᠡᠬᠦ ᠰᠠᠨᠠᠯ ᠢ | ᠨᠠᠶᠢᠳᠠᠪᠤᠷᠢᠵᠢᠭᠤᠯᠤᠨ᠎ᠠ᠃ | ⒑ ᠠᠶᠤᠯᠭᠦᠶ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ ᠪᠣᠯᠤᠨ ᠠᠶᠤᠯᠭᠦᠶ | ᠦᠢᠯᠡᠳᠪᠦᠷᠢᠯᠡᠯ ᠤᠨ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠤᠨ ᠲᠡᠮᠵᠢᠵᠤ᠂ ᠠᠵᠤ | ᠦᠢᠯᠡᠰ ᠤᠨ ᠲᠥᠷᠥ ᠶᠢᠨ ᠪᠤᠳᠤᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠠᠵᠤ ᠦᠢᠯᠡᠰ ᠤᠨ | ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ⒒ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠠᠶᠤᠯᠭᠦᠶ ᠦᠢᠯᠡᠳᠪᠦᠷᠢᠯᠡᠯ ᠤᠨ ᠪᠤᠰᠤᠳ | ᠲᠤᠰᠢᠶᠠᠯ ᠬᠠᠷᠢᠭᠤᠴᠠᠯᠭ᠎ᠠ᠃ | ᠬᠤᠶᠠᠷ᠂ ᠬᠤᠰᠢᠭᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ 2022 ᠣᠨ ᠤ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠡᠭᠦᠷᠭᠡ ᠶᠢᠨ ᠨᠠᠷᠢᠨ ᠲᠠᠩᠰᠠ | ︵ᠨᠢᠭᠡ︶ ᠬᠤᠰᠢᠭᠤ ᠳᠠᠷᠤᠭ᠎ᠠ | ⒈ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠠᠶᠤᠯᠭᠦᠶ | ᠦᠢᠯᠡᠳᠪᠦᠷᠢᠯᠡᠯ ᠤᠨ ᠵᠥᠪᠯᠡᠯ ᠤᠨ ᠠᠵᠢᠯ ᠢ ᠤᠳᠤᠷᠢᠳᠤᠨ᠎ᠠ᠃ | ⒉ᠠᠶᠤᠯᠭᠦᠶ ᠦᠢᠯᠡᠳᠪᠦᠷᠢᠯᠡᠯ ᠢ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠪᠣᠯᠤᠨ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠤᠨ ᠴᠢᠬᠤᠯᠠ ᠠᠭᠤᠯᠭ᠎ᠠ ᠳᠤ ᠣᠷᠣᠭᠤᠯᠤᠨ᠎ᠠ᠃ | ⒊ ᠠᠶᠤᠯᠭᠦᠶ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠭᠤᠯᠭ᠎ᠠ ᠶᠢ ᠤᠯᠤᠰ ᠠᠷᠠᠳ ᠤᠨ ᠠᠵᠤ ᠠᠬᠤᠶ | ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠳᠤ | ᠣᠷᠣᠭᠤᠯᠬᠤ ᠶᠢ ᠵᠣᠬᠢᠶᠠᠨ ᠪᠠᠶᠢᠭᠤᠯᠤᠨ᠎ᠠ᠃ | ⒋ ᠵᠢᠯ ᠳᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠤᠯᠭᠦᠶ | ᠦᠢᠯᠡᠳᠪᠦᠷᠢᠯᠡᠯ ᠤᠨ ᠠᠵᠢᠯ ᠢ ᠠᠳᠠᠭ ᠲᠠᠭᠠᠨ 2 ᠤᠳᠠᠭ᠎ᠠ ᠲᠤᠰᠬᠠᠶ ᠰᠡᠳᠦᠪ ᠢᠶᠠᠷ ᠰᠤᠳᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠵᠢᠯ ᠤᠨ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠤᠨ᠎ᠠ︔ | ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠪᠠᠶᠢᠴᠠᠭᠠᠯᠲᠠ ᠪᠤᠶᠤ ᠪᠠᠶᠢᠴᠠᠭᠠᠨ ᠰᠤᠳᠤᠯᠤᠯᠲᠠ ᠬᠢᠵᠦ ᠬᠢᠨᠠᠨ | ᠵᠢᠯᠣᠭᠤᠳᠬᠤ ᠶᠢ ᠤᠯᠠᠷᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠳᠠᠭᠠᠭᠤᠯᠤᠨ ᠥᠷᠨᠢᠭᠦᠯᠵᠦ᠂ ᠠᠶᠤᠯᠭᠦᠶ | ᠦᠢᠯᠡᠳᠪᠦᠷᠢᠯᠡᠯ ᠤᠨ ᠲᠤᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠨ᠎ᠠ᠃ | ⒌2022 ᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠭᠤᠤᠯᠳᠠᠯᠭ᠎ᠠ ᠪᠠ ᠵᠠᠰᠠᠭ ᠤᠨ ᠣᠷᠳᠣᠨ ᠤ | ᠤᠳᠤᠷᠢᠳᠤᠯᠭ᠎ᠠ ᠶᠢᠨ 2022 ᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠦᠷᠭᠡ ᠶᠢᠨ ᠨᠠᠷᠢᠨ | ᠬᠠᠭᠤᠳᠠᠰᠤ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠤᠳᠤᠷᠢᠳᠬᠤ ᠪᠠᠭ ᠤᠨ ᠪᠦᠷᠢᠯᠳᠦᠬᠦᠨ ᠤ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠶᠢ | ᠱᠠᠭᠠᠷᠳᠠᠨ ᠪᠠᠶᠢᠴᠠᠭᠠᠵᠤ ᠵᠢᠯᠣᠭᠤᠳᠤᠨ᠎ᠠ᠃ | ⒍ᠠᠶᠤᠯᠭᠦᠶ ᠦᠢᠯᠡᠳᠪᠦᠷᠢᠯᠡᠯ ᠤᠨ ᠡᠳ᠋ ᠤᠨ ᠵᠠᠰᠠᠭ ᠤᠨ ᠲᠥᠰᠦᠪ ᠤᠨ ᠣᠷᠣᠭᠤᠯᠤᠯᠲᠠ ᠶᠢ ᠨᠡᠮᠡᠭᠳᠡᠭᠦᠯᠵᠦ᠂ | ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠱᠠᠭᠠᠷᠳᠠᠭᠳᠠᠬᠤ ᠶᠢ | ᠠᠵᠢᠯᠳᠠᠨ᠂ ᠵᠠᠷᠤᠳᠠᠯ ᠪᠠ ᠲᠦᠬᠦᠭᠡᠷᠦᠮᠵᠢ ᠶᠢ ᠪᠠᠲᠤᠯᠠᠨ᠎ᠠ᠃ | ⒎ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠵᠢᠯᠣᠭᠤᠳᠤᠨ ᠨᠠᠶᠢᠷᠠᠭᠤᠯᠤᠨ ᠵᠣᠬᠢᠶᠠᠵᠤ᠂ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠪᠠᠶᠢᠴᠠᠭᠠᠨ ᠰᠢᠢᠳᠪᠦᠷᠢᠯᠡᠬᠦ ᠵᠢᠴᠢ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠢ ᠬᠠᠤᠯᠢ ᠶᠣᠰᠣᠭᠠᠷ ᠤᠳᠤᠷᠢᠳᠬᠤ ᠪᠠ ᠵᠣᠬᠢᠶᠠᠨ ᠪᠠᠶᠢᠭᠤᠯᠤᠨ᠎ᠠ᠃ | ⒏ ᠠᠶᠤᠯᠭᠦᠶ ᠦᠢᠯᠡᠳᠪᠦᠷᠢᠯᠡᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ | ᠬᠢᠨᠠᠨ ᠰᠢᠯᠭᠠᠭᠠᠳ ᠬᠢᠷᠢ ᠲᠡᠩᠴᠡᠭᠰᠡᠨ ᠥᠬᠡᠶ ᠶᠢ ᠨᠢ ︽ᠨᠢᠭᠡ ᠪᠢᠯᠧᠲ ᠢᠶᠠᠷ ᠦᠭᠡᠶᠢᠰᠬᠡᠬᠦ︾ ᠶᠢ ᠬᠡᠷᠡᠭᠵᠢᠭᠦᠯᠦᠨ᠎ᠡ᠃ | | ⒐ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠵᠣᠬᠢᠶᠠᠨ ᠪᠠᠶᠢᠭᠤᠯᠤᠨ ᠠᠬᠢᠭᠤᠯᠬᠤ | ᠭᠤᠷᠪᠠᠨ ᠵᠢᠯ ᠤᠨ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ⒑ ᠠᠶᠤᠯᠭᠦᠶ ᠦᠢᠯᠡᠳᠪᠦᠷᠢᠯᠡᠯ ᠤᠨ ︽ᠠᠷᠪᠠᠨ ᠲᠠᠪᠤᠨ ᠵᠦᠢᠯ ᠤᠨ ᠴᠢᠩᠭ᠎ᠠ ᠠᠷᠭ᠎ᠠ ᠬᠡᠮᠵᠢᠶ᠎ᠡ︾ ᠶᠢᠨ | ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃ | ⒒ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢᠨ ᠱᠠᠭᠠᠷᠳᠠᠯᠭ᠎ᠠ | ᠶᠣᠰᠣᠭᠠᠷ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ | ᠲᠤᠰᠢᠶᠠᠯ ᠤᠨ ᠮᠡᠳᠡᠭᠦᠯᠦᠯᠲᠡ ᠶᠢᠨ ᠠᠭᠤᠯᠭ᠎ᠠ ᠳᠤ ᠣᠷᠣᠭᠤᠯᠤᠨ᠎ᠠ᠃ | ︵ᠬᠤᠶᠠᠷ︶ ᠪᠠᠶᠢᠩᠭᠤ ᠶᠢᠨ ᠳᠡᠳ᠋ ᠬᠤᠰᠢᠭᠤ ᠳᠠᠷᠤᠭ᠎ᠠ᠃ | ⒈ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠶᠢᠨ ᠲᠤᠰᠢᠶᠠᠯ ᠢ | ᠡᠭᠦᠷᠭᠡᠯᠡᠵᠦ᠂ ᠬᠤᠰᠢᠭᠤ ᠳᠠᠷᠤᠭ᠎ᠠ ᠶᠢ ᠬᠠᠪᠰᠤᠷᠤᠨ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ | ᠨᠢᠭᠡᠳᠦᠯᠲᠡᠶ ᠲᠥᠯᠦᠪᠵᠢᠭᠦᠯᠦᠨ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠳᠦᠷ ᠲᠤᠲᠤᠮ ᠤᠨ | ᠠᠵᠢᠯ ᠢ ᠬᠠᠷᠢᠭᠤᠴᠠᠨ᠎ᠠ᠃ | ⒉ ᠠᠶᠤᠯᠭᠦᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠪᠠᠶᠢᠴᠠᠭᠠᠬᠤ᠂ ᠬᠢᠨᠠᠨ ᠰᠢᠯᠭᠠᠵᠤ ᠲᠣᠭᠤᠷᠢᠨ | ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠠᠭ ᠲᠤᠬᠠᠶ ᠳᠤᠨᠢ ᠬᠤᠰᠢᠭᠤ ᠠᠶᠤᠯᠭᠦᠶ | ᠦᠢᠯᠡᠳᠪᠦᠷᠢᠯᠡᠯ ᠤᠨ ᠵᠥᠪᠯᠡᠯ ᠤᠨ ᠲᠣᠭᠲᠠᠮᠠᠯ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ⒊ ᠠᠮᠤᠷ ᠲᠦᠪᠰᠢᠨ ᠤ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ | ᠪᠠᠶᠢᠴᠠᠭᠠᠵᠤ ᠵᠠᠰᠠᠬᠤ ᠤᠷᠢᠳᠴᠢᠯᠠᠨ ᠰᠡᠷᠭᠡᠶᠢᠯᠡᠬᠦ ᠠᠵᠢᠯ ᠤᠨ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ | ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠪᠠᠶᠢᠴᠠᠭᠠᠨ ᠰᠢᠢᠳᠪᠦᠷᠢᠯᠡᠨ᠎ᠡ᠃ | ⒋ ᠠᠶᠤᠯᠭᠦᠶ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ | ᠠᠶᠤᠯ ᠠᠴᠠ ᠠᠪᠤᠷᠠᠵᠤ ᠠᠪᠤᠷᠠᠨ ᠲᠤᠰᠠᠯᠠᠬᠤ ᠪᠠ ᠪᠠᠶᠢᠴᠠᠭᠠᠨ ᠰᠢᠢᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ | ᠪᠠᠶᠢᠭᠤᠯᠤᠨ᠎ᠠ᠃ | ⒌ᠠᠶᠤᠯᠭᠦᠶ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ | ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠪᠠ | ᠬᠥᠮᠦᠵᠢᠯ ᠪᠣᠯᠪᠠᠰᠤᠷᠠᠭᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠠᠵᠢᠯ ᠢ ᠨᠢᠭᠡᠳᠦᠯᠲᠡᠶ | ᠲᠥᠯᠦᠪᠵᠢᠭᠦᠯᠦᠨ ᠠᠬᠢᠭᠤᠯᠤᠨ᠎ᠠ᠃ | ⒍ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ︵ᠬᠦᠷᠢᠶ᠎ᠡ ᠴᠠᠷᠠᠭ᠎ᠠ︶᠂ ᠰᠠᠯᠠᠭ᠎ᠠ ᠮᠥᠴᠢᠷ ︵ | ᠨᠢᠭᠡᠴᠡ︶ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠦᠪᠵᠢᠭᠦᠯᠦᠨ ᠠᠬᠢᠭᠤᠯᠵᠤ᠂ | ᠠᠶᠤᠯᠭᠦᠶ ᠦᠢᠯᠡᠳᠪᠦᠷᠢᠯᠡᠯ ᠤᠨ ᠠᠵᠢᠯ ᠢ ᠲᠤᠬᠠᠶᠢᠯᠠᠭᠰᠠᠨ ᠠᠵᠢᠯ ᠯᠤᠭ᠎ᠠ ᠵᠡᠷᠭᠡ ᠳᠤᠨᠢ ᠳᠣᠭᠢᠷᠠᠭᠤᠯᠤᠨ | ᠪᠠᠶᠢᠷᠢᠯᠠᠭᠤᠯᠵᠤ᠂ ᠵᠡᠷᠭᠡ ᠳᠤᠨᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠡᠷᠭᠡ ᠳᠤᠨᠢ ᠬᠢᠨᠠᠯᠲᠠ ᠲᠠᠯᠪᠢᠵᠤ | ᠪᠠᠶᠢᠴᠠᠭᠠᠨ᠎ᠠ᠃ | ⒎ 2022 ᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠭᠤᠤᠯᠳᠠᠯᠭ᠎ᠠ ᠶᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠤᠨ᠎ᠠ᠃ | ⒏ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ | ᠪᠠᠬᠢᠵᠢᠭᠦᠯᠦᠨ ᠳᠡᠭᠡᠭᠰᠢᠯᠡᠭᠦᠯᠬᠦ ᠪᠠ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ | ᠲᠥᠪᠯᠡᠷᠡᠭᠦᠯᠦᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ⒐ ᠠᠶᠤᠯᠭᠦᠶ ᠦᠢᠯᠡᠳᠪᠦᠷᠢᠯᠡᠯ ᠤᠨ ︽ᠠᠷᠪᠠᠨ ᠲᠠᠪᠤᠨ ᠵᠦᠢᠯ ᠤᠨ ᠴᠢᠩᠭ᠎ᠠ ᠠᠷᠭ᠎ᠠ ᠬᠡᠮᠵᠢᠶ᠎ᠡ︾ ᠶᠢ | ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ⒑ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠱᠠᠭᠠᠷᠳᠠᠯᠭ᠎ᠠ ᠶᠣᠰᠣᠭᠠᠷ | ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠲᠤᠰᠢᠶᠠᠯ ᠤᠨ | ᠮᠡᠳᠡᠭᠦᠯᠦᠯᠲᠡ ᠬᠢᠬᠦ ᠠᠭᠤᠯᠭ᠎ᠠ ᠳᠤ ᠣᠷᠣᠭᠤᠯᠤᠨ᠎ᠠ᠃ | ︵ᠭᠤᠷᠪᠠ︶ ᠪᠤᠰᠤᠳ ᠬᠤᠰᠢᠭᠤ ᠳᠡᠳ᠋ ᠳᠠᠷᠤᠭ᠎ᠠ᠃ | ⒈ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠨ᠎ᠡ᠃ | ⒉ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ | ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ | ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠪᠠ ︽ᠨᠠᠮ ᠵᠠᠰᠠᠭ ᠠᠳᠠᠯᠢ ᠬᠠᠷᠢᠭᠤᠴᠠᠯᠭ᠎ᠠ | ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤ ᠪᠠᠷ | ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠪᠠᠷᠢᠮᠲᠠᠯᠠᠵᠤ᠂ | ᠬᠤᠪᠢᠳᠠᠨ ᠬᠠᠮᠢᠶᠠᠷᠴᠤ ᠪᠥᠬᠦᠶ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ ᠠᠶᠤᠯᠭᠦᠶ ᠦᠢᠯᠡᠳᠪᠦᠷᠢᠯᠡᠯ ᠤᠨ ᠠᠵᠢᠯ ᠳᠤ | ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ⒊ᠬᠤᠪᠢᠳᠠᠨ ᠬᠠᠮᠢᠶᠠᠷᠴᠤ ᠪᠥᠬᠦᠢ ᠬᠦᠷᠢᠶ᠎ᠡ᠂ ᠰᠠᠯᠠᠭ᠎ᠠ ᠮᠥᠴᠢᠷ ︵ᠨᠢᠭᠡᠴᠡ︶ ᠤᠨ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠤᠯᠠᠷᠢᠯ ᠪᠦᠷᠢ ᠠᠳᠠᠭ ᠲᠠᠭᠠᠨ ᠨᠢᠭᠡ ᠤᠳᠠᠭ᠎ᠠ | ᠰᠣᠨᠣᠰᠴᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠤᠯᠠᠷᠢᠯ ᠪᠦᠷᠢ ᠠᠳᠠᠭ ᠲᠠᠭᠠᠨ ᠬᠤᠶᠠᠷ | ᠤᠳᠠᠭ᠎ᠠ ᠳᠤᠭᠤᠶᠢᠯᠠᠩ ᠳᠠᠭᠠᠭᠤᠯᠤᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠪᠠᠶᠢᠴᠠᠭᠠᠯᠲᠠ ᠪᠤᠶᠤ | ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠤ᠂ ᠠᠶᠤᠯᠭᠦᠶ ᠦᠢᠯᠡᠳᠪᠦᠷᠢᠯᠡᠯ ᠤᠨ ᠠᠰᠠᠭᠤᠳᠠᠯ ᠢ ᠴᠠᠭ ᠲᠤᠬᠠᠶ ᠳᠤᠨᠢ | ᠰᠤᠳᠤᠯᠤᠨ ᠰᠢᠢᠳᠪᠦᠷᠢᠯᠡᠨ᠎ᠡ᠃ | ⒋ᠬᠤᠪᠢᠳᠠᠨ ᠬᠠᠮᠢᠶᠠᠷᠴᠤ ᠪᠥᠬᠦᠢ ᠠᠵᠢᠯ ᠲᠥᠷᠥᠯ ᠤᠨ ᠬᠦᠷᠢᠶ᠎ᠡ ᠬᠡᠪᠴᠢᠶ᠎ᠡ᠂ ᠰᠠᠯᠠᠭ᠎ᠠ ᠮᠥᠴᠢᠷ ︵ | ᠨᠢᠭᠡᠴᠡ︶ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ ᠪᠥᠷᠢᠨᠰᠢᠬᠦᠯᠥᠨ | ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠬᠠᠮᠢᠶ᠎ᠠ ᠪᠥᠬᠦᠢ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠣᠨ ᠤ ᠠᠵᠢᠯ ᠤᠨ ᠲᠥᠯᠥᠪᠯᠡᠭᠡ ᠳᠤ ᠣᠷᠣᠭᠤᠯᠵᠤ᠂ ᠠᠵᠢᠯ ᠤᠨ ᠬᠤᠷᠠᠯ | ᠬᠤᠷᠠᠯᠳᠤᠭᠤᠯᠬᠤ᠂ ᠪᠠᠶᠢᠴᠠᠭᠠᠨ ᠰᠤᠳᠤᠯᠵᠤ ᠱᠠᠭᠠᠷᠳᠠᠨ ᠪᠠᠶᠢᠴᠠᠭᠠᠬᠤ ᠶᠠᠪᠤᠴᠠ ᠳᠤ᠂ ᠠᠶᠤᠯᠭᠦᠶ | ᠦᠢᠯᠡᠳᠪᠦᠷᠢᠯᠡᠯ ᠤᠨ ᠠᠵᠢᠯ ᠢ ᠲᠤᠬᠠᠶᠢᠯᠠᠭᠰᠠᠨ ᠠᠵᠢᠯ ᠲᠠᠢ ᠵᠡᠷᠭᠡ ᠲᠤᠨᠢ ᠲᠣᠬᠢᠷᠠᠭᠤᠯᠤᠨ ᠪᠠᠶᠢᠷᠢᠯᠠᠭᠤᠯᠵᠤ᠂ | ᠵᠡᠷᠭᠡ ᠲᠤᠨᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠡᠷᠭᠡ ᠲᠤᠨᠢ ᠬᠢᠨᠠᠯᠲᠠ ᠲᠠᠯᠪᠢᠵᠤ ᠪᠠᠶᠢᠴᠠᠭᠠᠨ᠎ᠠ᠃ | ⒌ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠬᠦᠷᠢᠶ᠎ᠡ ᠬᠡᠪᠴᠢᠶ᠎ᠡ᠂ ᠰᠠᠯᠠᠭ᠎ᠠ ᠮᠥᠴᠢᠷ ︵ | ᠨᠢᠭᠡᠴᠡ︶ ᠢ ᠱᠠᠭᠠᠷᠳᠠᠵᠤ ᠠᠶᠤᠯᠭᠦᠶ ᠦᠢᠯᠡᠳᠪᠦᠷᠢᠯᠡᠯ ᠤᠨ ᠠᠵᠢᠯ ᠢ ᠬᠤᠪᠢᠳᠠᠨ ᠬᠠᠮᠢᠶᠠᠷᠴᠤ ᠪᠥᠬᠦᠢ ᠨᠢᠭᠡᠨ | ᠲᠤᠰᠬᠠᠶ ᠲᠤᠰᠢᠶᠠᠯ ᠲᠠᠢ ᠤᠳᠤᠷᠢᠳᠬᠤ ᠪᠠᠭ ᠤᠨ ᠪᠦᠷᠢᠯᠳᠦᠬᠦᠨ ᠢ ᠲᠣᠭᠲᠠᠭᠠᠨ᠎ᠠ᠃ | ⒍ ᠬᠤᠪᠢᠳᠠᠨ ᠬᠠᠮᠢᠶᠠᠷᠴᠤ ᠪᠥᠬᠦᠶ ᠠᠵᠢᠯ ᠲᠥᠷᠥᠯ ︵ᠬᠦᠷᠢᠶ᠎ᠡ ᠬᠡᠪᠴᠢᠶ᠎ᠡ︶᠂ ᠰᠠᠯᠠᠭ᠎ᠠ ᠮᠥᠴᠢᠷ ︵ | ᠨᠢᠭᠡᠴᠡ︶ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠲᠦᠪᠰᠢᠨ ᠤ ᠲᠦᠭᠰᠢᠭᠦᠷᠢ ᠶᠢ ᠱᠠᠲᠤ ᠬᠤᠪᠢᠶᠠᠨ | ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠪᠠᠶᠢᠴᠠᠭᠠᠵᠤ ᠵᠠᠰᠠᠬᠤ ᠠᠵᠢᠯ ᠤᠨ ᠲᠣᠭᠲᠠᠴᠠ ᠶᠢ ᠪᠠᠶᠢᠭᠤᠯᠬᠤ ᠶᠢ | ᠠᠬᠢᠭᠤᠯᠤᠨ᠎ᠠ᠃ | ⒎ᠬᠤᠪᠢᠳᠠᠨ ᠬᠠᠮᠢᠶᠠᠷᠴᠤ ᠪᠥᠬᠦᠢ ᠠᠵᠢᠯ ᠲᠥᠷᠥᠯ ︵ᠬᠦᠷᠢᠶ᠎ᠡ ᠬᠡᠪᠴᠢᠶ᠎ᠡ︶᠂ ᠰᠠᠯᠠᠭ᠎ᠠ ᠮᠥᠴᠢᠷ ︵ | ᠨᠢᠭᠡᠴᠡ︶ ᠢ ᠵᠢᠯᠣᠭᠤᠳᠴᠤ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠲᠣᠭᠲᠠᠭᠠᠬᠤ ᠶᠢᠨ ᠬᠠᠮᠲᠤ ᠰᠣᠷᠢᠯᠲᠠ ᠬᠢᠵᠦ᠂ ᠬᠤᠪᠢᠳᠠᠨ ᠬᠠᠮᠢᠶᠠᠷᠴᠤ ᠪᠥᠬᠦᠢ ᠠᠵᠢᠯ ᠲᠥᠷᠥᠯ | ︵ᠬᠦᠷᠢᠶ᠎ᠡ ᠬᠡᠪᠴᠢᠶ᠎ᠡ︶ ᠤᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠠᠶᠤᠯ ᠠᠴᠠ ᠠᠪᠤᠷᠠᠨ ᠲᠤᠰᠠᠯᠠᠬᠤ | ᠪᠠ ᠪᠠᠶᠢᠴᠠᠭᠠᠨ ᠰᠢᠢᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ | ⒏ᠬᠤᠪᠢᠳᠠᠨ ᠬᠠᠮᠢᠶᠠᠷᠴᠤ ᠪᠥᠬᠦᠶ ᠠᠵᠢᠯ ᠲᠥᠷᠥᠯ ︵ᠬᠦᠷᠢᠶ᠎ᠡ ᠴᠠᠷᠠᠭ᠎ᠠ︶᠂ ᠰᠠᠯᠠᠭ᠎ᠠ ᠮᠥᠴᠢᠷ ︵ᠨᠢᠭᠡᠴᠡ | ︶ ᠤᠨ ᠠᠶᠤᠯᠭᠦᠶ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ | ᠃ | ⒐ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ︵ᠬᠦᠷᠢᠶ᠎ᠡ ᠴᠠᠷᠠᠭ᠎ᠠ︶᠂ ᠰᠠᠯᠠᠭ᠎ᠠ ᠮᠥᠴᠢᠷ ︵ | ᠨᠢᠭᠡᠴᠡ︶ ᠤᠨ 2022 ᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠭᠤᠤᠯᠳᠠᠯᠭ᠎ᠠ ᠶᠢ | ᠨᠠᠶᠢᠳᠠᠪᠤᠷᠢᠵᠢᠭᠤᠯᠬᠤ ᠶᠢ ᠵᠣᠬᠢᠶᠠᠨ ᠪᠠᠶᠢᠭᠤᠯᠤᠨ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠲᠤᠰᠬᠠᠶ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ ᠪᠠ ᠠᠶᠤᠯᠲᠠᠶ ᠬᠢᠮᠢ ᠶᠢᠨ | ᠪᠣᠳᠠᠰ ᠤᠨ ᠠᠶᠤᠯᠭᠦᠶ ᠶᠢᠨ ᠲᠦᠭᠰᠢᠭᠦᠷᠢ ᠶᠢ ᠲᠥᠪᠯᠡᠷᠡᠭᠦᠯᠦᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ | ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠳᠡᠭᠡᠭᠰᠢᠯᠡᠭᠦᠯᠬᠦ | ᠣᠨ ᠤ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠤᠨ᠎ᠠ᠃ | ⒑ᠬᠤᠪᠢᠳᠠᠨ ᠬᠠᠮᠢᠶᠠᠷᠴᠤ ᠪᠥᠬᠦᠶ ᠠᠵᠢᠯ ᠲᠥᠷᠥᠯ ︵ᠬᠦᠷᠢᠶ᠎ᠡ ᠴᠠᠷᠠᠭ᠎ᠠ︶᠂ ᠰᠠᠯᠠᠭ᠎ᠠ ᠮᠥᠴᠢᠷ ︵ᠨᠢᠭᠡᠴᠡ | ︶ ᠤᠨ ᠠᠶᠤᠯᠭᠦᠶ ᠦᠢᠯᠡᠳᠪᠦᠷᠢᠯᠡᠯ ᠤᠨ ︽ᠠᠷᠪᠠᠨ ᠲᠠᠪᠤᠨ ᠵᠦᠢᠯ ᠤᠨ ᠴᠢᠩᠭ᠎ᠠ ᠠᠷᠭ᠎ᠠ ᠬᠡᠮᠵᠢᠶ᠎ᠡ︾ ᠶᠢ | ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ⒒ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠱᠠᠭᠠᠷᠳᠠᠯᠭ᠎ᠠ ᠶᠣᠰᠣᠭᠠᠷ᠂ | ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠲᠤᠰᠢᠶᠠᠯ ᠤᠨ | ᠮᠡᠳᠡᠭᠦᠯᠦᠯᠲᠡ ᠶᠢᠨ ᠠᠭᠤᠯᠭ᠎ᠠ ᠳᠤ ᠣᠷᠣᠭᠤᠯᠤᠨ᠎ᠠ᠃ | |