2022 ᠣᠨ ᠤ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠲᠤᠬᠠᠶ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2022/12/9
    ᠡᠨᠡ ᠵᠢᠯ ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠰᠢ᠂ ᠪᠦᠭᠦ ᠬᠤᠰᠢᠭᠤᠨ ᠤ ᠬᠤᠷ᠎ᠠ ᠲᠣᠨᠣᠳᠠᠰᠤ ᠢᠯᠡᠳᠲᠡ ᠨᠡᠮᠡᠭᠳᠡᠵᠦ᠂ ᠡᠪᠡᠰᠦ ᠤᠷᠭᠤᠮᠠᠯ ᠢᠭᠴᠤ ᠰᠠᠬᠤᠯᠢᠭ  ᠤᠷᠭᠤᠵᠤ᠂ ᠨᠠᠮᠤᠷ ᠤᠨ ᠤᠯᠠᠷᠢᠯ ᠳᠤ ᠤᠷᠤᠭᠰᠠᠨ ᠤ ᠲᠠᠷᠠᠭ᠎ᠠ᠂ ᠰᠢᠲᠠᠮᠠᠬᠠᠢ ᠪᠣᠳᠠᠰ ᠤᠨ ᠳᠠᠭᠠᠭᠠᠴᠠ ᠦᠷᠭᠦᠯᠵᠢᠯᠡᠨ ᠨᠡᠮᠡᠭᠳᠡᠵᠦ᠂ ᠠᠭᠤᠷ ᠠᠮᠢᠰᠬᠤᠯ ᠭᠠᠩ ᠬᠠᠭᠤᠷᠠᠢ᠂ ᠭᠠᠯ ᠤᠨ ᠭᠠᠮᠰᠢᠭ ᠤᠨ ᠲᠠᠯᠲᠠ ᠭᠡᠮ ᠶᠡᠬᠡᠪᠡᠷ ᠨᠡᠮᠡᠭᠳᠡᠵᠦ᠂ ᠭᠠᠯ ᠢ ᠰᠡᠷᠭᠡᠶᠢᠯᠡᠵᠦ ᠭᠠᠯ ᠢ ᠤᠨᠲᠠᠷᠠᠭᠠᠬᠤ ᠪᠠᠶᠢᠳᠠᠯ ᠲᠡᠶᠢᠮᠦ ᠰᠠᠶᠢᠨ ᠪᠢᠰᠢ᠂ ᠭᠠᠯ ᠢ ᠰᠡᠷᠭᠡᠶᠢᠯᠡᠵᠦ ᠭᠠᠯ ᠢ ᠤᠨᠲᠠᠷᠠᠭᠠᠬᠤ ᠡᠭᠦᠷᠭᠡ ᠲᠦᠢᠯ ᠤᠨ ᠪᠡᠷᠬᠡ ᠬᠠᠲᠠᠭᠤᠵᠢᠯᠲᠠᠢ ᠪᠠᠶᠢᠨ᠎ᠠ᠃ ᠪᠦᠬᠦ ᠬᠤᠰᠢᠭᠤᠨ ᠤ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠡᠷᠡᠰ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠦᠭᠡ᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾᠎ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠶᠠᠷᠢᠯᠴᠠᠨ ᠨᠢᠭᠲᠠᠯᠠᠭᠠᠳ᠂ 9 ᠰᠠᠷ᠎ᠠ ᠶᠢᠨ 5᠎ ᠤ ᠡᠳᠦᠷ ᠠᠴᠠ ᠡᠬᠢᠯᠡᠨ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭᠠᠨ ᠳᠤ ᠣᠷᠣᠬᠤ ᠶᠢ ᠲᠤᠭᠲᠠᠭᠠᠪᠠ᠂ ᠣᠳᠤ ᠳᠣᠤᠷᠠᠬᠢ ᠮᠡᠲᠦ ᠵᠠᠷᠯᠢᠭ ᠨᠡᠶᠢᠲᠡᠯᠡᠶ᠎ᠡ᠄    ᠨᠢᠭᠡ᠂ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ᠄ 2022 ᠣᠨ ᠤ 9 ᠰᠠᠷ᠎ᠠ ᠶᠢᠨ 5᠎ ᠤ ᠡᠳᠦᠷ ᠠᠴᠠ 11 ᠰᠠᠷ᠎ᠠ ᠶᠢᠨ 15᠎ ᠤ ᠡᠳᠦᠷ ᠪᠣᠯᠲᠠᠯ᠎ᠠ᠃    ᠬᠤᠶᠠᠷ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ᠄ ᠡᠯ᠎ᠡ ᠰᠤᠮᠤ ᠪᠠᠯᠭᠠᠰᠤ ︵ᠲᠠᠯᠠᠪᠠᠢ︶᠎ ᠶᠢᠨ ᠬᠤᠳᠠ ᠶᠢᠨ ᠲᠣᠭᠤᠷᠢᠭ ᠢ ᠭᠠᠷᠭᠠᠪᠠᠯ᠂ ᠵᠡᠭᠦᠨ ᠦᠵᠦᠮᠦᠴᠢᠨ ᠬᠤᠰᠢᠭᠤᠨ ᠤ ᠪᠦᠬᠦ ᠬᠢᠯᠢ ᠨᠢ ᠴᠥᠮ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠪᠣᠯᠤᠨ᠎ᠠ᠃    ᠭᠤᠷᠪᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠶᠠᠮᠠᠷᠪᠠ ᠨᠢᠭᠡᠴᠡ ᠵᠢᠴᠢ ᠬᠤᠪᠢ ᠬᠥᠮᠦᠨ ᠤ ᠰᠢᠭᠤᠶᠢᠲᠤ ᠣᠷᠣᠨ᠂ ᠨᠤᠲᠤᠭ ᠪᠡᠯᠴᠢᠭᠡᠷ ᠤᠨ ᠳᠣᠲᠣᠷᠠᠬᠢ ᠠᠯᠢᠪᠠ ᠲᠣᠭᠲᠠᠭᠠᠯ ᠠᠴᠠ ᠵᠥᠷᠢᠴᠡᠨ ᠠᠮᠢᠳᠤᠷᠠᠯ ᠳᠤ ᠭᠠᠯ ᠬᠡᠷᠡᠭᠯᠡᠭᠰᠡᠨ ᠨᠢᠭᠡᠴᠡ ᠪᠣᠯᠤᠨ ᠰᠠᠭᠤᠭᠠᠯᠢ ᠠᠷᠠᠳ ᠤᠨ ᠴᠢᠩᠭ᠎ᠠ ᠰᠡᠷᠭᠡᠶᠢᠯᠡᠯᠲᠡ ᠶᠢᠨ ᠵᠠᠷᠯᠢᠭ ᠤᠨ ᠲᠣᠭᠲᠠᠭᠠᠯ ᠶᠣᠰᠣᠭᠠᠷ ᠭᠠᠯ ᠬᠡᠷᠡᠭᠯᠡᠬᠦ ᠶᠢ ᠬᠡᠷᠡᠭᠵᠢᠭᠦᠯᠵᠤ᠂ ᠲᠠᠪᠤᠳᠤᠭᠠᠷ ᠳᠡᠰ ᠤᠨ ᠰᠠᠯᠬᠢᠨ ᠠᠴᠠ ᠳᠡᠭᠡᠭᠰᠢᠬᠢ ᠴᠠᠭ ᠠᠭᠤᠷ ᠲᠤ ᠠᠯᠢᠪᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ᠃    ᠳᠥᠷᠪᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠰᠢᠭᠤᠶᠢᠲᠤ ᠣᠷᠣᠨ᠂ ᠨᠤᠲᠤᠭ ᠪᠡᠯᠴᠢᠭᠡᠷ ᠲᠤ ᠬᠤᠭ ᠨᠣᠪᠰᠢ ᠰᠢᠲᠠᠭᠠᠬᠤ᠂ ᠡᠪᠡᠰᠦ ᠪᠡᠯᠴᠢᠭᠡᠷ ᠨᠣᠴᠣᠭᠠᠬᠤ᠂ ᠲᠠᠮᠠᠬᠢ ᠲᠠᠲᠠᠬᠤ᠂ ᠭᠠᠯ ᠢᠶᠠᠷ ᠰᠢᠷᠠᠬᠤ᠂ ᠬᠡᠭᠡᠷ᠎ᠡ ᠬᠤᠭᠤᠯᠠᠯᠠᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠵᠤ᠂ ᠡᠯ᠎ᠡ ᠰᠤᠮᠤ ᠪᠠᠯᠭᠠᠰᠤ ︵ᠲᠠᠯᠠᠪᠠᠶ︶᠎ ᠨᠢ ᠲᠣᠭᠤᠷᠢᠨ ᠬᠠᠮᠠᠭᠠᠯᠠᠬᠤ ᠨᠢᠭᠲᠠᠴᠠ ᠪᠠ ᠤᠳᠠᠭ᠎ᠠ ᠪᠠᠨ ᠨᠡᠮᠡᠭᠳᠡᠭᠦᠯᠵᠦ᠂ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠭᠠᠯ ᠤᠨ ᠲᠥᠷᠥᠯ ᠢ ᠠᠪᠴᠤ ᠰᠢᠭᠤᠶᠢᠲᠤ ᠣᠷᠣᠨ ᠤ ᠨᠤᠲᠤᠭ ᠪᠡᠯᠴᠢᠭᠡᠷ ᠲᠤ ᠣᠷᠣᠬᠤ ᠶᠢ ᠴᠢᠩᠭ᠎ᠠ ᠴᠠᠭᠠᠵᠠᠯᠠᠬᠤ ᠬᠡᠷᠡᠭᠲᠡᠶ︔ ᠭᠠᠯ ᠰᠡᠷᠭᠡᠶᠢᠯᠡᠬᠦ ᠲᠣᠨᠣᠭᠯᠠᠯ ᠤᠭᠰᠠᠷᠠᠭ᠎ᠠ ᠥᠬᠡᠶ ᠮᠠᠰᠢᠨ ᠲᠡᠷᠭᠡ ᠶᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠬᠡᠷᠡᠭᠯᠡᠬᠦ ᠪᠠ ᠠᠵᠢᠯᠯᠠᠭᠤᠯᠬᠤ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠤᠨ ᠳᠠᠯᠳᠠ ᠬᠡᠮ ᠢ ᠡᠷᠡᠰ ᠠᠷᠢᠯᠭᠠᠬᠤ ᠬᠡᠷᠡᠭᠲᠡᠶ᠃    ᠲᠠᠪᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠲᠡᠮᠦᠷ ᠵᠠᠮ᠂ ᠵᠠᠰᠠᠮᠠᠯ ᠵᠠᠮ᠂ ᠴᠠᠬᠢᠯᠭᠠᠨ ᠬᠦᠴᠦ᠂ ᠰᠢᠯᠵᠢᠮᠡᠯ ᠴᠢᠮᠡᠭᠡ ᠬᠤᠯᠪᠣᠭ᠎ᠠ᠂ ᠴᠢᠯᠠᠭᠤᠨ ᠲᠣᠰᠣ᠂ ᠰᠢᠲᠠᠮᠠᠬᠠᠶ ᠬᠡᠢ᠂ ᠬᠢᠮᠢ ᠶᠢᠨ ᠠᠵᠤ ᠦᠢᠯᠡᠳᠪᠦᠷᠢ ᠶᠢᠨ ᠬᠤᠭᠤᠯᠠᠶ ᠶᠢᠨ ᠬᠠᠮᠢᠶᠠᠷᠤᠯᠲᠠ ᠶᠢᠨ ᠨᠢᠭᠡᠴᠢ ᠪᠣᠯᠤᠨ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠬᠡᠭᠡᠷ᠎ᠡ ᠭᠠᠳᠠᠨ᠎ᠠ ᠠᠵᠢᠯᠯᠠᠬᠤ᠂ ᠭᠠᠯ ᠤᠨ ᠠᠶᠤᠯ ᠠᠮᠠᠷᠬᠠᠨ ᠡᠭᠦᠰᠬᠦ ᠭᠠᠵᠠᠷ ᠪᠠ ᠣᠷᠣᠨ ᠪᠦᠰᠡ ᠳᠤ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ ᠪᠠ ᠭᠠᠯ ᠢ ᠰᠡᠷᠭᠡᠶᠢᠯᠡᠬᠦ ᠰᠡᠷᠡᠮᠵᠢ ᠶᠢᠨ ᠲᠡᠮᠳᠡᠭ ᠲᠠᠯᠪᠢᠭᠰᠠᠨ ᠦᠭᠡᠶ ᠪᠠᠶᠢᠪᠠᠯ᠂ ᠡᠯ᠎ᠡ ᠰᠤᠮᠤ ᠪᠠᠯᠭᠠᠰᠤ ︵ᠲᠠᠯᠠᠪᠠᠶ︶᠎ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠵᠠᠷᠯᠢᠭᠳᠠᠵᠤ ᠴᠡᠭᠴᠡᠯᠡᠨ ᠰᠠᠶᠢᠵᠢᠷᠠᠭᠤᠯᠵᠤ᠂ ᠲᠣᠭᠲᠠᠭᠰᠠᠨ ᠴᠠᠭ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ ᠳᠡᠶᠢᠯᠦᠭᠰᠡᠨ ᠥᠬᠡᠶ ᠶᠢ ᠨᠢ ᠪᠠᠶᠢᠳᠠᠯ ᠢ ᠨᠢ ᠦᠵᠡᠵᠦ ᠳᠣᠩᠭᠤᠳᠬᠤ᠂ ᠵᠣᠭᠤᠰ ᠢᠶᠠᠷ ᠲᠣᠷᠭᠠᠬᠤ᠂ ᠵᠠᠰᠠᠭ ᠵᠠᠬᠢᠷᠭᠠᠨ ᠤ ᠲᠦᠷ ᠬᠤᠷᠢᠬᠤ ᠰᠢᠳᠬᠡᠯ ᠥᠭᠴᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠭᠠᠭᠰᠠᠨ ᠪᠠᠶᠢᠪᠠᠯ᠂ ᠣᠶ ᠰᠢᠭᠤᠶ ᠨᠤᠲᠤᠭ ᠪᠡᠯᠴᠢᠭᠡᠷ ᠤᠨ ᠬᠤᠬᠢᠷᠠᠯ ᠢ ᠬᠠᠤᠯᠢ ᠶᠣᠰᠣᠭᠠᠷ ᠳᠥᠯᠥᠵᠦ᠂ ᠭᠠᠯ ᠤᠨᠲᠠᠷᠠᠭᠠᠬᠤ ᠵᠠᠷᠤᠳᠠᠯ ᠢ ᠡᠭᠦᠷᠭᠡᠯᠡᠵᠦ᠂ ᠶᠠᠯ᠎ᠠ ᠪᠣᠯᠵᠣ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃    ᠵᠢᠷᠭᠤᠭ᠎ᠠ᠂ ᠴᠢᠩᠭ᠎ᠠ ᠰᠡᠷᠭᠡᠶᠢᠯᠡᠯᠲᠡ ᠶᠢᠨ ᠬᠠᠮᠢᠶᠠᠷᠤᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠡᠯ᠎ᠡ ᠰᠤᠮᠤ ᠪᠠᠯᠭᠠᠰᠤ ︵ᠲᠠᠯᠠᠪᠠᠢ︶᠂ ᠡᠯ᠎ᠡ ᠬᠤᠯᠪᠣᠭᠳᠠᠯ ᠪᠥᠬᠦᠢ ᠨᠢᠭᠡᠴᠡ ᠨᠢ ᠠᠭᠤᠯᠠ ᠶᠢ ᠴᠡᠪᠡᠷᠯᠡᠬᠦ᠂ ᠭᠤᠣ ᠶᠢ ᠴᠡᠪᠡᠷᠯᠡᠬᠦ᠂ ᠣᠢ ᠰᠢᠭᠤᠶ ᠶᠢ ᠴᠡᠪᠡᠷᠯᠡᠬᠦ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠳᠤ ᠳᠤᠷ᠎ᠠ ᠪᠠᠷ ᠢᠶᠠᠨ ᠤᠷᠤᠭᠰᠠᠨ ᠬᠥᠮᠦᠰ ᠢ ᠲᠦᠢᠯᠪᠤᠷᠢᠲᠠᠶ ᠭᠠᠷᠭᠠᠬᠤ ᠬᠡᠷᠡᠭᠲᠡᠶ᠃ ᠬᠠᠮᠢᠶᠠᠷᠤᠯᠲᠠ ᠶᠢ ᠳᠠᠭᠠᠬᠤ ᠦᠭᠡᠢ ᠪᠤᠶᠤ ᠵᠣᠷᠢᠭᠤᠳᠠ ᠵᠥᠷᠢᠴᠡᠭᠰᠡᠳ ᠢ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠰᠢᠳᠬᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠶᠢ ᠨᠢ ᠴᠢᠩᠭ᠎ᠠ ᠨᠡᠬᠡᠮᠵᠢᠯᠡᠬᠦ ᠬᠡᠷᠡᠭᠲᠡᠶ᠃    ᠳᠣᠯᠤᠭ᠎ᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠡᠯ᠎ᠡ ᠰᠤᠮᠤ ᠪᠠᠯᠭᠠᠰᠤ ︵ᠲᠠᠯᠠᠪᠠᠶ︶᠂ ᠬᠤᠰᠢᠭᠤ ᠰᠢᠭᠤᠳ ᠬᠠᠷᠢᠶ᠎ᠠ ᠡᠯ᠎ᠡ ᠪᠠᠶᠢᠭᠤᠯᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠭᠠᠯ ᠤᠨᠲᠠᠷᠠᠭᠠᠬᠤ ᠡᠩᠨᠡᠭᠡ ᠵᠢᠴᠢ ᠥᠷᠭᠡᠨ ᠣᠯᠠᠨ ᠺᠠᠳ᠋ᠷ ᠣᠯᠠᠨ ᠲᠦᠮᠡᠨ ᠪᠠ ᠭᠠᠳᠠᠨ᠎ᠠ ᠠᠴᠠ ᠢᠷᠡᠭᠰᠡᠨ ᠬᠥᠮᠦᠰ ᠤᠨ ᠣᠶᠢᠲᠤ ᠣᠷᠣᠨ ᠨᠤᠲᠤᠭ ᠪᠡᠯᠴᠢᠭᠡᠷ ᠤᠨ ᠳᠣᠲᠣᠷᠠᠬᠢ ᠠᠯᠢᠪᠠ ᠠᠵᠢᠯᠯᠠᠭ᠎ᠠ ᠨᠢ ᠡᠷᠬᠡᠪᠰᠢ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠱᠠᠭᠠᠷᠳᠠᠯᠭ᠎ᠠ ᠶᠢ ᠳᠠᠭᠠᠵᠤ᠂ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃ ᠶᠠᠮᠠᠷᠪᠠ ᠨᠢᠭᠡᠴᠡ ᠪᠠ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠣᠯᠵᠤ ᠮᠡᠳᠡᠪᠡᠯ᠂ ᠳᠠᠷᠤᠶ ᠲᠦᠷᠭᠡᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ ᠶᠢ ᠤᠲᠠᠰᠤ ᠶᠢ ᠤᠲᠠᠰᠤᠳᠠᠵᠤ ᠂ ᠬᠤᠰᠢᠭᠤ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ᠤᠨ ᠬᠢᠨ ᠮᠡᠳᠡᠭᠦᠯᠦᠯᠳᠡ ᠶᠢ ᠭᠥᠯᠢᠶᠡᠨ ᠠᠪᠤᠭᠰᠠᠨ ᠤ ᠳᠠᠷᠠᠭ᠎ᠠ ᠴᠠᠭ ᠲᠤᠬᠠᠶ ᠳᠤᠨᠢ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠵᠣᠬᠢᠬᠤ ᠠᠷᠭ᠎ᠠ ᠬᠡᠮᠵᠢᠶ᠎ᠡ ᠠᠪᠴᠤ ᠪᠠᠶᠢᠭᠠᠳ ᠵᠣᠬᠢᠶᠠᠨ ᠪᠠᠶᠢᠭᠤᠯᠵᠤ ᠪᠠᠶᠢᠭᠠᠳ ᠭᠠᠯ ᠤᠨᠲᠠᠷᠠᠭᠠᠬᠤ ᠬᠡᠷᠡᠭᠲᠡᠶ᠃    ᠨᠠᠢᠮᠠ᠂ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ᠂ ᠰᠡᠷᠭᠡᠶᠢᠯᠡᠬᠦ ᠪᠠ ᠤᠨᠲᠠᠷᠠᠭᠠᠬᠤ ᠶᠢ ᠤᠶᠠᠯᠳᠤᠭᠤᠯᠬᠤ︾ ᠴᠢᠭᠯᠡᠯᠲᠡ ᠶᠢ ᠪᠠᠷᠢᠮᠲᠠᠯᠠᠨ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠳ᠋ ᠪᠣᠳᠠᠰ ᠨᠥᠭᠡᠴᠡᠯᠡᠬᠦ ᠠᠵᠢᠯ ᠢ ᠴᠢᠩᠭᠠᠳᠬᠠᠵᠤ᠂ ᠭᠠᠯ ᠤᠨᠲᠠᠷᠠᠭᠠᠬᠤ ᠪᠡᠯᠡᠳᠬᠡᠯ ᠢ ᠭᠦᠢᠴᠡᠳ ᠰᠠᠶᠢᠲᠤᠷ ᠬᠢᠬᠦ ᠶᠢᠨ ᠬᠠᠮᠲᠤ ᠴᠠᠭ ᠠᠭᠤᠷ ᠤᠨ ᠪᠠᠶᠢᠳᠠᠯ ᠢ ᠦᠨᠳᠦᠰᠦᠯᠡᠨ ᠭᠤᠤᠯᠳᠠᠯᠭ᠎ᠠ ᠲᠠᠢ ᠵᠠᠮ ᠤᠨ ᠬᠡᠰᠡᠭ ᠤᠨ ᠬᠠᠵᠠᠭᠤ ᠳᠠᠬᠢ ᠰᠢᠲᠠᠮᠠᠬᠠᠶ ᠪᠣᠳᠠᠰ ᠢ ᠰᠢᠲᠠᠭᠠᠵᠤ ᠂ ᠭᠠᠯ ᠤᠨ ᠭᠠᠮᠰᠢᠭ ᠤᠨ ᠳᠠᠯᠳᠠ ᠬᠡᠮ ᠢ ᠠᠷᠢᠯᠭᠠᠬᠤ ᠬᠡᠷᠡᠭᠲᠡᠶ᠃ ᠡᠯ᠎ᠡ ᠰᠤᠮᠤ ᠪᠠᠯᠭᠠᠰᠤ ︵ᠲᠠᠯᠠᠪᠠᠶ︶᠂ ᠬᠤᠰᠢᠭᠤ ᠰᠢᠭᠤᠳ ᠬᠠᠷᠢᠶ᠎ᠠ ᠨᠢᠭᠡᠴᠡ ᠨᠢ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠣᠳᠣᠬᠠᠨ ᠤ ᠠᠵᠢᠯ ᠤᠨ ᠭᠤᠤᠯᠳᠠᠯᠭ᠎ᠠ ᠪᠣᠯᠭᠠᠵᠤ᠂ ᠵᠠᠰᠠᠭ ᠵᠠᠬᠢᠷᠭᠠᠨ ᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠬᠤ ᠲᠦᠷᠢᠮ ᠢᠶᠠᠷ ᠭᠤᠤᠯ ᠪᠣᠯᠭᠠᠭᠰᠠᠨ ᠡᠯ᠎ᠡ ᠵᠦᠢᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠤᠨ᠂ ᠡᠯ᠎ᠡ ᠵᠦᠢᠯ ᠤᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠪᠠ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠶ᠃ ᠭᠤᠣᠯ ᠤᠳᠤᠷᠢᠳᠤᠯᠭ᠎ᠠ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠡᠶ᠎ᠡ ᠪᠠᠷ ᠢᠶᠠᠨ ᠱᠠᠭᠠᠷᠳᠠᠨ ᠪᠠᠶᠢᠴᠠᠭᠠᠵᠤ᠂ ᠭᠠᠯ ᠭᠠᠷᠤᠭᠰᠠᠨ ᠦᠶ᠎ᠡ ᠳᠤ ᠪᠡᠶ᠎ᠡ ᠪᠠᠷ ᠢᠶᠠᠨ ᠨᠢᠭᠡᠳᠦᠭᠡᠷ ᠹᠷᠣᠨᠲ ᠲᠤ ᠬᠦᠷᠴᠦ ᠭᠠᠯ ᠤᠨᠲᠠᠷᠠᠭᠠᠬᠤ ᠶᠢ ᠵᠢᠯᠣᠭᠤᠳᠬᠤ ᠬᠡᠷᠡᠭᠲᠡᠶ᠃    ᠶᠢᠰᠦ᠂ ᠡᠯ᠎ᠡ ᠰᠤᠮᠤ ᠪᠠᠯᠭᠠᠰᠤ ︵ᠲᠠᠯᠠᠪᠠᠶ︶᠎ ᠎ ᠨᠢ ᠭᠠᠯ ᠲᠦᠢᠮᠡᠷ ᠤᠨ ᠪᠠᠶᠢᠳᠠᠯ ᠢ ᠪᠦᠬᠦ ᠴᠠᠭ᠂ ᠪᠦᠬᠦ ᠲᠠᠯ᠎ᠠ ᠪᠠᠷ ᠬᠢᠨᠠᠨ ᠬᠡᠮᠵᠢᠵᠦ᠂ ᠭᠠᠯ ᠤᠨ ᠪᠠᠶᠢᠳᠠᠯ ᠪᠠ ᠬᠥᠭᠵᠢᠯᠲᠡ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠤᠢ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ᠂ ᠰᠤᠮᠤ ᠪᠠᠯᠭᠠᠰᠤ ︵ᠲᠠᠯᠠᠪᠠᠢ︶ ᠪᠣᠯᠤᠨ ᠭᠠᠴᠠᠭ᠎ᠠ ᠶᠢᠨ ᠲᠦᠷᠭᠡᠨ ᠭᠠᠯ ᠤᠨᠲᠠᠷᠠᠭᠠᠬᠤ ᠬᠤᠪᠢᠶᠠᠷᠢ ᠠᠩᠬᠢ ᠨᠢ ᠪᠠᠶᠢᠯᠳᠤᠭᠠᠨ ᠤ ᠪᠠᠶᠢᠳᠠᠯ ᠳᠤ ᠪᠦᠬᠦ ᠲᠠᠯ᠎ᠠ ᠪᠠᠷ ᠣᠷᠣᠵᠤ᠂ ᠡᠯ᠎ᠡ ᠨᠢᠭᠡᠴᠡ ᠨᠢ ᠪᠠᠴᠢᠮ ᠪᠠᠶᠢᠳᠠᠯ ᠢ ᠠᠷᠭᠠᠴᠠᠬᠤ ᠭᠦᠢᠴᠡᠳ ᠡᠳ᠋ ᠪᠠᠷᠠᠭ᠎ᠠ ᠪᠡᠯᠡᠳᠬᠡᠵᠦ᠂ ᠭᠠᠯ ᠤᠨᠲᠠᠷᠠᠭᠠᠬᠤ ᠮᠠᠰᠢᠨ ᠪᠠᠭᠠᠵᠢ ᠪᠣᠯᠤᠨ ᠲᠤᠨᠤᠭ ᠲᠥᠬᠦᠭᠡᠷᠦᠮᠵᠢ ᠢ ᠰᠠᠶᠢᠲᠤᠷ ᠪᠠᠶᠢᠴᠠᠭᠠᠨ ᠵᠠᠰᠠᠵᠤ᠂ ᠭᠠᠯ ᠤᠨ ᠪᠠᠶᠢᠳᠠᠯ ᠢ ᠣᠯᠵᠤ ᠮᠡᠳᠡᠮᠡᠭᠴᠡ ᠲᠦᠷᠭᠡᠨ ᠲᠤᠰᠬᠠᠬᠤ᠂ ᠲᠦᠷᠭᠡᠨ  ᠤᠨᠲᠠᠷᠠᠭᠠᠬᠤ᠂ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ᠂  ᠪᠦᠬᠦ ᠬᠦᠴᠦᠨ ᠢᠶᠠᠷ ᠭᠠᠯ ᠤᠨᠲᠠᠷᠠᠭᠠᠬᠤ ᠶᠢ ᠦᠨᠡᠨᠬᠦ ᠪᠠᠲᠤᠯᠠᠵᠤ᠂ ᠭᠠᠯ ᠤᠨ ᠠᠶᠤᠯ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ᠃ ᠭᠠᠯ ᠤᠨᠲᠠᠷᠠᠭᠠᠬᠤ ᠶᠠᠪᠤᠴᠠ ᠳᠤ᠂ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠨᠢ ᠨᠢᠭᠲᠠ ᠬᠠᠮᠵᠢᠯᠴᠠᠨ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰᠠᠯᠠᠬᠤ ᠪᠠ ᠦᠢᠯᠡᠴᠢᠯᠡᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠭᠠᠯ ᠤᠨᠲᠠᠷᠠᠭᠠᠬᠤ ᠳᠤ ᠣᠷᠣᠯᠴᠠᠭᠰᠠᠳ ᠶᠡᠭᠡ ᠲᠠᠯ᠎ᠠ ᠶᠢ ᠲᠠᠭᠠᠨ᠂ ᠵᠢᠯᠤᠭᠤᠳᠤᠯᠭ᠎ᠠ ᠶᠢ ᠲᠠᠭᠠᠵᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠵᠢᠯ  ᠢ ᠰᠠᠶᠢᠲᠤᠷ ᠬᠢᠬᠦ ᠬᠡᠷᠡᠭᠲᠡᠶ᠃    ᠠᠷᠪᠠ᠂ ᠡᠯ᠎ᠡ ᠰᠤᠮᠤ ᠪᠠᠯᠭᠠᠰᠤ ︵ᠲᠠᠯᠠᠪᠠᠶ︶᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠪᠠᠷᠢᠮᠲᠠᠯᠠᠨ᠂ ᠠᠵᠢᠯ ᠤᠨ ᠪᠠᠶᠢᠷᠢ ᠠᠴᠠ ᠪᠠᠨ ᠰᠠᠯᠬᠤ᠂ ᠠᠵᠢᠯ ᠤᠨ ᠪᠠᠶᠢᠷᠢ ᠠᠴᠠ ᠪᠠᠨ ᠬᠤᠴᠣᠷᠬᠤ᠂ ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠬᠤ ᠵᠡᠷᠭᠡ ᠪᠠᠶᠢᠳᠠᠯ ᠭᠠᠷᠬᠤ ᠶᠢ ᠴᠢᠩᠭ᠎ᠠ ᠴᠠᠭᠠᠵᠠᠯᠠᠵᠤ᠂ ᠵᠠᠰᠠᠭ ᠤᠨ ᠵᠠᠷᠯᠢᠭ ᠪᠠ ᠭᠠᠯ ᠤᠨ ᠪᠠᠶᠢᠳᠠᠯ ᠤᠨ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠨᠡᠪᠲᠡᠷᠡᠯᠴᠡᠭᠡ ᠪᠠᠨ ᠴᠢᠩᠭᠠᠳᠬᠠᠨ᠂ ᠭᠠᠯ ᠤᠨ ᠠᠶᠤᠯ ᠤᠨ ᠮᠡᠳᠡᠭᠡ ᠵᠠᠩᠭᠢ ᠶᠢ ᠨᠢᠭᠡᠳᠦᠯᠲᠡᠶ ᠮᠡᠳᠡᠭᠦᠯᠬᠦ ᠬᠡᠷᠡᠭᠲᠡᠶ᠃ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠴᠢᠩᠭᠠᠷᠠᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠲᠣᠭᠲᠠᠭᠠᠯ ᠶᠣᠰᠣᠭᠠᠷ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠬᠡᠷᠡᠭᠲᠡᠶ᠂ ᠤᠳᠠᠭᠠᠰᠢᠷᠠᠭᠤᠯᠤᠨ ᠮᠡᠳᠡᠭᠦᠯᠬᠦ᠂ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠬᠦ ᠴᠢᠨᠠᠭᠰᠢᠯᠠᠪᠠᠯ ᠮᠡᠳᠡᠭᠦᠯᠬᠦ ᠥᠬᠡᠶ ᠪᠠᠶᠢᠵᠤ ᠪᠣᠯᠬᠤ ᠥᠬᠡᠶ᠃ ᠬᠤᠰᠢᠭᠤ ᠭᠠᠯ ᠰᠡᠷᠭᠡᠶᠢᠯᠡᠵᠦ ᠤᠨᠲᠠᠷᠠᠭᠠᠬᠤ ᠵᠢᠯᠣᠭᠤᠳᠬᠤ ᠭᠠᠵᠠᠷ ᠤᠨ ᠵᠥᠪᠰᠢᠶᠡᠷᠡᠯ ᠥᠬᠡᠶ ᠪᠠᠷ᠂ ᠶᠠᠮᠠᠷᠪᠠ ᠨᠢᠭᠡᠴᠡ ᠪᠠ ᠬᠤᠪᠢ ᠬᠥᠮᠦᠨ ᠭᠠᠷ ᠤᠲᠠᠰᠤᠨ ᠤ ᠣᠬᠤᠷ ᠮᠡᠳᠡᠭᠡ᠂ ᠸᠢᠴᠠᠲ᠂ ᠪᠢᠴᠢᠯ ᠪᠦᠷᠭᠡ ᠵᠡᠷᠭᠡ ᠵᠠᠭᠤᠴᠢᠯᠠᠭᠤᠷ ᠢ ᠠᠰᠢᠭᠯᠠᠨ ᠭᠠᠯ ᠤᠨ ᠪᠠᠶᠢᠳᠠᠯ ᠤᠨ ᠮᠡᠳᠡᠭᠡ ᠵᠠᠩᠭᠢ ᠶᠢ ᠳᠤᠷ᠎ᠠ ᠪᠠᠷ ᠢᠶᠠᠨ ᠳᠠᠮᠵᠢᠭᠤᠯᠵᠤ ᠪᠣᠯᠬᠤ ᠥᠬᠡᠶ᠂ ᠬᠤᠳᠠᠯ ᠬᠠᠭᠤᠷᠮᠠᠭ ᠭᠠᠯ ᠤᠨ ᠪᠠᠶᠢᠳᠠᠯ ᠤᠨ ᠮᠡᠳᠡᠭᠡ ᠵᠠᠩᠭᠢ ᠶᠢ ᠲᠠᠷᠬᠠᠭᠠᠬᠤ ᠶᠢ ᠴᠢᠩᠭ᠎ᠠ ᠴᠠᠭᠠᠵᠠᠯᠠᠵᠤ᠂ ᠣᠯᠵᠤ ᠮᠡᠳᠡᠪᠡᠯ ᠴᠢᠩᠭ᠎ᠠ ᠰᠢᠢᠳᠪᠦᠷᠢᠯᠡᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠰᠣᠨᠢᠨ ᠮᠡᠳᠡᠭᠡᠨ ᠤ ᠮᠡᠳᠡᠭᠡᠯᠡᠯ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠤᠬᠠᠭᠤᠯᠤᠨ ᠮᠡᠳᠡᠭᠡᠯᠡᠬᠦ ᠶᠢᠨ ᠣᠨᠣᠪᠴᠢᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃    ᠠᠷᠪᠠᠨ ᠨᠢᠭᠡ᠂ ᠡᠯ᠎ᠡ ᠰᠤᠮᠤ ᠪᠠᠯᠭᠠᠰᠤ ︵ᠲᠠᠯᠠᠪᠠᠶ︶᠎ ᠶᠢᠨ ᠲᠣᠮᠢᠯᠠᠭᠰᠠᠨ ᠰᠠᠯᠪᠤᠷᠢ ᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠡᠷᠡᠭ ᠢ ᠲᠦᠷᠭᠡᠨ ᠪᠠᠶᠢᠴᠠᠭᠠᠨ ᠰᠢᠢᠳᠪᠦᠷᠢᠯᠡᠵᠦ᠂ ᠬᠡᠷᠡᠭ ᠢ ᠴᠢᠩᠭ᠎ᠠ ᠰᠢᠢᠳᠪᠦᠷᠢᠯᠡᠬᠦ ᠬᠡᠷᠡᠭᠲᠡᠶ᠃ ᠭᠠᠯ ᠤᠨ ᠠᠶᠤᠯ ᠤᠨ ᠬᠡᠷᠡᠭ ᠢ ᠪᠠᠶᠢᠴᠠᠭᠠᠨ ᠲᠣᠳᠣᠷᠬᠠᠶᠢᠯᠠᠬᠤ ᠥᠭᠡᠢ ᠪᠣᠯ ᠲᠠᠯᠪᠢᠵᠤ ᠶᠠᠪᠤᠭᠤᠯᠬᠤ ᠥᠭᠡᠢ᠂ ᠡ᠊ᠨᠳᠡᠯ ᠤᠨ ᠬᠠᠷᠢᠭᠤᠴᠠᠯᠭ᠎ᠠ ᠲᠠᠢ ᠬᠥᠮᠦᠨ ᠢ ᠰᠢᠢᠳᠪᠦᠷᠢᠯᠡᠵᠦ ᠳᠡᠶᠢᠯᠬᠦ ᠥᠭᠡᠢ ᠪᠣᠯ ᠲᠠᠯᠪᠢᠵᠤ ᠶᠠᠪᠤᠭᠤᠯᠬᠤ ᠥᠭᠡᠢ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠥᠭᠡᠢ ᠪᠣᠯ ᠲᠠᠯᠪᠢᠵᠤ ᠶᠠᠪᠤᠭᠤᠯᠬᠤ ᠥᠭᠡᠢ᠂ ᠰᠤᠷᠭᠠᠮᠵᠢ ᠠᠪᠬᠤ ᠥᠭᠡᠢ ᠪᠣᠯ ᠲᠠᠯᠪᠢᠵᠤ ᠶᠠᠪᠤᠭᠤᠯᠬᠤ ᠥᠭᠡᠢ ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠶ᠃ ᠨᠡᠶᠢᠲᠡᠯᠢᠭ ᠬᠡᠷᠡᠭ ᠢ ᠢᠯᠡ ᠪᠠᠷ ᠢᠯᠡᠴᠢᠯᠡᠵᠦ᠂ ᠴᠡᠭᠡᠷᠯᠡᠯ ᠪᠣᠯᠭᠠᠬᠤ ᠬᠡᠷᠡᠭᠲᠡᠶ᠃    ᠠᠷᠪᠠᠨ ᠬᠤᠶᠠᠷ᠂ ᠳᠡᠭᠡᠷ᠎ᠡ ᠳᠤᠷᠠᠳᠤᠭᠰᠠᠨ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ ᠵᠥᠷᠢᠴᠡᠭᠰᠡᠳ ᠲᠤ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠪᠠᠶᠢᠳᠠᠯ ᠢ ᠨᠢ ᠦᠵᠡᠵᠦ ᠰᠡᠷᠡᠮᠵᠢ ᠥᠭᠬᠦ᠂ ᠵᠣᠭᠤᠰ ᠢᠶᠠᠷ ᠲᠣᠷᠭᠠᠬᠤ᠂ ᠵᠠᠰᠠᠭ ᠵᠠᠬᠢᠷᠭᠠᠨ ᠤ ᠲᠦᠷ ᠬᠤᠷᠢᠬᠤ ᠰᠢᠢᠳᠬᠡᠯ ᠥᠭᠭᠦᠨ᠎ᠡ︔ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠭᠠᠭᠰᠠᠨ ᠪᠠᠶᠢᠪᠠᠯ᠂ ᠣᠶ ᠰᠢᠭᠤᠶ ᠨᠤᠲᠤᠭ ᠪᠡᠯᠴᠢᠭᠡᠷ ᠤᠨ ᠬᠤᠬᠢᠷᠠᠯ ᠢ ᠬᠠᠤᠯᠢ ᠶᠣᠰᠣᠭᠠᠷ ᠳᠥᠯᠥᠵᠦ᠂ ᠭᠠᠯ ᠤᠨᠲᠠᠷᠠᠭᠠᠬᠤ ᠵᠠᠷᠤᠳᠠᠯ ᠢ ᠡᠭᠦᠷᠭᠡᠯᠡᠵᠦ᠂ ᠶᠠᠯ᠎ᠠ ᠪᠣᠯᠵᠣ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠠᠷᠪᠠᠨ ᠭᠤᠷᠪᠠ᠂ ᠶᠠᠮᠠᠷᠪᠠ ᠨᠢᠭᠡᠴᠡ ᠪᠠ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠮᠠᠨ ᠤ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠠ ᠬᠤᠰᠢᠭᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠦᠢᠯᠡᠴᠢᠯᠡᠭᠡᠨ ᠤ ᠲᠥᠪ ᠲᠤ ᠮᠡᠳᠡᠭᠦᠯᠬᠦ ᠬᠡᠷᠡᠭᠲᠡᠶ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠤ ᠴᠠᠭᠳᠠᠭ᠎ᠠ ᠳᠤ ᠮᠡᠳᠡᠭᠦᠯᠬᠦ ᠳᠤ ᠦᠨ᠎ᠡ ᠲᠥᠯᠥᠪᠦᠷᠢ ᠥᠬᠡᠶ ᠪᠠᠷ ᠲᠥᠬᠦᠮ ᠦᠵᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ᠂ ᠳᠠᠷᠤᠭᠠᠳ ᠮᠡᠳᠡᠭᠦᠯᠬᠦ ᠥᠬᠡᠶ ᠪᠠᠶᠢᠬᠤ ᠶᠢ ᠴᠠᠭᠠᠵᠠᠯᠠᠨ᠎ᠠ᠃    ᠴᠠᠭᠳᠠᠭ᠎ᠠ ᠳᠤ ᠮᠡᠳᠡᠭᠦᠯᠬᠦ ᠤᠲᠠᠰᠤ᠄    6709688 ︵ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ︶    3221814 ︵ᠬᠤᠰᠢᠭᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠦᠢᠯᠡᠴᠢᠯᠡᠭᠡᠨ ᠤ ᠲᠥᠪ︶    12119 ︵ᠬᠤᠰᠢᠭᠤ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ︶    3226882 ︵ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号