︽ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠪᠠ ᠵᠠᠰᠠᠭ ᠤᠨ ᠣᠷᠳᠣᠨ ᠤ ᠤᠳᠤᠷᠢᠳᠬᠤ ᠺᠠᠳ᠋ᠷᠴᠤᠳ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠣᠨ ᠤ ᠡᠭᠦᠷᠭᠡ ᠶᠢᠨ ᠨᠠᠷᠢᠨ ᠲᠠᠩᠰᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/12/9
ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ᠂  ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠳᠤ᠄    ᠠᠶᠢᠮᠠᠭ ᠤᠨ ᠵᠠᠬᠢᠷᠭ᠎ᠠ ᠶᠢᠨ ︽ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠶᠤᠯᠭᠦᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠪᠠ ᠠᠶᠢᠮᠠᠭ ᠤᠨ ᠵᠠᠬᠢᠷᠭ᠎ᠠ ᠶᠢᠨ ᠤᠳᠤᠷᠢᠳᠬᠤ ᠺᠠᠳ᠋ᠷᠴᠤᠳ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠣᠨ ᠤ ᠡᠭᠦᠷᠭᠡ ᠶᠢᠨ ᠨᠠᠷᠢᠨ ᠳᠠᠩᠰᠠ︾ ︵ᠰᠢᠯᠢ ᠠᠯᠪᠠᠨ ᠲᠠᠷᠬᠠᠭᠠᠭᠰᠠᠨ ﹇2022﹈ 52 ᠲᠣᠭᠠᠲᠤ︶ ᠶᠢᠨ ᠪᠢᠴᠢᠭ ᠮᠠᠲ᠋ᠧᠷᠢᠶᠠᠯ ᠪᠠ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠵᠠᠰᠠᠭ ᠤᠨ ᠣᠷᠳᠣᠨ ᠠᠴᠠ ᠶᠡᠷᠢᠯᠴᠠᠨ ᠨᠢᠭᠲᠠᠯᠠᠭᠠᠳ᠂ ᠣᠳᠤ ︽ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠪᠠ ᠵᠠᠰᠠᠭ ᠤᠨ ᠣᠷᠳᠣᠨ ᠤ ᠤᠳᠤᠷᠢᠳᠬᠤ ᠺᠠᠳ᠋ᠷᠴᠤᠳ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠣᠨ ᠤ ᠡᠭᠦᠷᠭᠡ ᠶᠢᠨ ᠨᠠᠷᠢᠨ ᠲᠠᠩᠰᠠ︾ ᠶᠢ ᠲᠠᠨᠠᠷ ᠲᠤ ᠳᠠᠷᠤᠮᠠᠯᠯᠠᠨ ᠲᠠᠷᠬᠠᠭᠠᠶ᠎ᠠ᠂ ᠨᠠᠷᠢᠨ ᠬᠢᠨᠠᠮᠠᠭᠠᠶ ᠰᠠᠶᠢᠲᠤᠷ ᠠᠳᠬᠤᠵᠤ ᠨᠠᠶᠢᠳᠠᠪᠦᠷᠢᠵᠢᠭᠤᠯᠬᠤ ᠬᠡᠷᠡᠭᠲᠡᠢ᠃                 2022 ᠣᠨ ᠤ 9 ᠰᠠᠷ᠎ᠠ ᠶᠢᠨ 19 ᠤ ᠡᠳᠦᠷᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠪᠠ ᠵᠠᠰᠠᠭ ᠤᠨ ᠣᠷᠳᠣᠨ ᠤ ᠤᠳᠤᠷᠢᠳᠬᠤ ᠺᠠᠳ᠋ᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠣᠨ ᠤ ᠡᠭᠦᠷᠭᠡ ᠶᠢᠨ ᠲᠣᠳᠣᠷᠬᠠᠶ ᠬᠠᠭᠤᠳᠠᠰᠤ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠲᠠᠢ᠂ ᠵᠡᠷᠭᠡᠪᠡᠷ ᠠᠳᠬᠤᠵᠤ ᠬᠠᠮᠲᠤ ᠪᠠᠷ ᠬᠠᠮᠢᠶᠠᠷᠬᠤ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠵᠠᠷᠴᠢᠮ ᠶᠣᠰᠣᠭᠠᠷ᠂ ᠣᠨᠴᠠᠭᠠᠶᠢᠯᠠᠨ ᠬᠤᠰᠢᠭᠤ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠪᠠ ᠬᠤᠰᠢᠭᠤ ᠵᠠᠰᠠᠭ ᠤᠨ ᠣᠷᠳᠣᠨ ᠤ ᠤᠳᠤᠷᠢᠳᠬᠤ ᠺᠠᠳ᠋ᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠣᠨ ᠤ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠪᠠ᠃     ᠨᠢᠭᠡ᠂ ᠬᠤᠰᠢᠭᠤ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠡᠭᠦᠷᠭᠡ      ⒈ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠵᠢᠴᠢ ᠬᠤᠰᠢᠭᠤ ᠨᠠᠮ ᠤᠨ ᠬᠤᠷᠢᠶ᠎ᠠ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠬᠡᠷᠡᠭᠵᠢᠭᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ ᠪᠣᠳᠠᠲᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ᠃      ⒉ᠤᠯᠤᠰ᠂ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠬᠤᠯᠪᠣᠭᠳᠠᠯ ᠪᠥᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠂ ᠪᠥᠬᠦ ᠨᠡᠶᠢᠭᠡᠮ ᠤᠨ ᠠᠶᠤᠯᠭᠦᠶ ᠦᠢᠯᠡᠳᠪᠦᠷᠢᠯᠡᠯ ᠤᠨ ᠦᠵᠡᠯ ᠤᠬᠠᠮᠰᠠᠷ ᠢ ᠨᠡᠮᠡᠭᠳᠡᠭᠦᠯᠦᠨ᠎ᠡ᠃ ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠲᠡᠭᠦᠯᠳᠡᠷᠵᠢᠭᠦᠯᠦᠨ᠎ᠡ᠃    ⒊ᠠᠶᠤᠯᠭᠦᠶ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠭᠤᠯᠭ᠎ᠠ ᠶᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠳᠤ ᠣᠷᠣᠭᠤᠯᠵᠤ ᠂ ᠠᠶᠤᠯᠭᠦᠶ ᠦᠢᠯᠡᠳᠪᠦᠷᠢᠯᠡᠯ ᠤᠨ ᠣᠨ ᠤ ᠠᠵᠢᠯ ᠤᠨ ᠭᠤᠣᠯᠳᠠᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ⒋ ᠠᠶᠤᠯᠭᠦᠶ ᠦᠢᠯᠡᠳᠪᠦᠷᠢᠯᠡᠯ ᠢ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠠᠭᠠᠰ ᠵᠢᠯ ᠳᠤ ᠠᠳᠠᠭ ᠲᠠᠭᠠᠨ ᠨᠢᠭᠡ ᠤᠳᠠᠭ᠎ᠠ ᠬᠤᠷᠠᠯᠳᠤᠭᠤᠯᠵᠤ ᠠᠶᠤᠯᠭᠦᠶ ᠦᠢᠯᠡᠳᠪᠦᠷᠢᠯᠡᠯ ᠤᠨ ᠠᠵᠢᠯ ᠢ ᠰᠤᠳᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠨ᠎ᠡ᠃      ⒌ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠶᠤᠯᠭᠦᠶ ᠦᠢᠯᠡᠳᠪᠦᠷᠢᠯᠡᠯ ᠤᠨ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠠᠤᠯᠢ ᠶᠣᠰᠣᠭᠠᠷ ᠲᠣᠭᠲᠠᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ ᠢᠯᠡ ᠪᠣᠯᠭᠠᠨ᠎ᠠ᠃ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ᠂ ᠬᠢᠨᠠᠨ ᠪᠠᠶᠢᠴᠠᠭᠠᠬᠤ᠂ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠶᠤᠯᠭᠦᠶ ᠦᠢᠯᠡᠳᠪᠦᠷᠢᠯᠡᠯ ᠤᠨ ︽ᠠᠷᠪᠠᠨ ᠲᠠᠪᠤᠨ ᠵᠦᠢᠯ ᠤᠨ ᠴᠢᠩᠭ᠎ᠠ ᠠᠷᠭ᠎ᠠ ᠬᠡᠮᠵᠢᠶ᠎ᠡ︾ ᠶᠢᠨ ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ  ᠱᠠᠭᠠᠷᠳᠠᠨ ᠵᠢᠯᠣᠭᠤᠳᠴᠤ᠂ ᠠᠶᠤᠯᠭᠦᠶ ᠦᠢᠯᠡᠳᠪᠦᠷᠢᠯᠡᠯ ᠤᠨ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃    ⒍ ᠠᠮᠤᠷ ᠲᠦᠪᠰᠢᠨ ᠤ ᠵᠥᠪᠰᠢᠶᠡᠷᠡᠯ ᠤᠨ ᠪᠠᠷᠢᠮᠵᠢᠶ᠎ᠠ ᠶᠢ ᠴᠢᠩᠭᠠᠳᠬᠠᠵᠤ᠂ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠪᠠ ᠨᠤᠲᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠨ᠎ᠠ᠃ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠪᠠ ᠠᠶᠤᠯᠲᠠᠶ ᠬᠢᠮᠢ ᠶᠢᠨ ᠪᠣᠳᠠᠰ ᠤᠨ ᠠᠶᠤᠯᠭᠦᠶ ᠶᠢᠨ ᠲᠦᠭᠰᠢᠭᠦᠷᠢ ᠶᠢ ᠲᠥᠪᠯᠡᠷᠡᠭᠦᠯᠦᠨ ᠵᠠᠰᠠᠬᠤ ᠠᠵᠢᠯ ᠲᠠᠢ ᠤᠶᠠᠯᠳᠤᠭᠤᠯᠤᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠳᠡᠰ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠭᠡᠮ ᠢ ᠪᠠᠶᠢᠴᠠᠭᠠᠵᠤ ᠵᠠᠰᠠᠬᠤ ᠤᠷᠢᠳᠴᠢᠯᠠᠨ ᠰᠡᠷᠭᠡᠶᠢᠯᠡᠬᠦ ᠠᠵᠢᠯ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠪᠥᠬᠦ ᠲᠠᠯ᠎ᠠ ᠪᠠᠷ ᠲᠥᠯᠬᠢᠨ ᠠᠬᠢᠭᠤᠯᠵᠤ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠪᠥᠳᠥᠭᠡᠨ ᠪᠠᠶᠢᠭᠤᠯᠤᠯᠲᠠ ᠶᠢᠨ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠪᠠᠶᠢᠴᠠᠭᠠᠨ ᠰᠢᠢᠳᠪᠦᠷᠢᠯᠡᠵᠦ᠂ ᠠᠶᠤᠯᠭᠦᠶ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠦᠭᠰᠡᠨ ᠥᠭᠡᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠬᠠᠤᠯᠢ ᠶᠣᠰᠣᠭᠠᠷ ᠡᠭᠦᠳᠡ ᠶᠢ ᠨᠢ ᠬᠠᠭᠠᠯᠭᠠᠨ᠎ᠠ᠃      ⒎ ᠠᠶᠤᠯᠭᠦᠶ ᠦᠢᠯᠡᠳᠪᠦᠷᠢᠯᠡᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠶᠤᠯᠭᠦᠶ ᠦᠢᠯᠡᠳᠪᠦᠷᠢᠯᠡᠯ ᠤᠨ ᠰᠠᠭᠤᠷᠢ ᠪᠥᠲᠥᠭᠡᠨ ᠪᠠᠶᠢᠭᠤᠯᠤᠯᠲᠠ ᠪᠠ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠳᠤ ᠵᠠᠪᠠᠯ ᠱᠠᠭᠠᠷᠳᠠᠭᠳᠠᠬᠤ ᠠᠵᠢᠯᠲᠠᠨ᠂ ᠵᠠᠷᠤᠳᠠᠯ ᠪᠠ ᠲᠡᠷᠭᠡ ᠬᠥᠰᠬᠡ ᠵᠡᠷᠭᠡ ᠲᠥᠬᠦᠭᠡᠷᠦᠮᠵᠢ ᠶᠢ ᠪᠠᠲᠤᠯᠠᠨ᠎ᠠ᠃      ⒏ ᠪᠥᠬᠦ ᠬᠤᠰᠢᠭᠤᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠤᠨ ᠲᠤᠭᠳᠠᠯᠴᠠᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ᠎ᠠ᠃      ⒐ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠱᠠᠭᠠᠷᠳᠠᠨ ᠰᠢᠢᠳᠪᠦᠷᠢᠯᠡᠬᠦ ᠰᠠᠨᠠᠯ ᠢ ᠨᠠᠶᠢᠳᠠᠪᠤᠷᠢᠵᠢᠭᠤᠯᠤᠨ᠎ᠠ᠃      ⒑ ᠠᠶᠤᠯᠭᠦᠶ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ ᠪᠣᠯᠤᠨ ᠠᠶᠤᠯᠭᠦᠶ ᠦᠢᠯᠡᠳᠪᠦᠷᠢᠯᠡᠯ ᠤᠨ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠤᠨ ᠲᠡᠮᠵᠢᠵᠤ᠂ ᠠᠵᠤ ᠦᠢᠯᠡᠰ ᠤᠨ ᠲᠥᠷᠥ ᠶᠢᠨ ᠪᠤᠳᠤᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ⒒ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠠᠶᠤᠯᠭᠦᠶ ᠦᠢᠯᠡᠳᠪᠦᠷᠢᠯᠡᠯ ᠤᠨ ᠪᠤᠰᠤᠳ ᠲᠤᠰᠢᠶᠠᠯ ᠬᠠᠷᠢᠭᠤᠴᠠᠯᠭ᠎ᠠ᠃     ᠬᠤᠶᠠᠷ᠂ ᠬᠤᠰᠢᠭᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ 2022 ᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠦᠷᠭᠡ ᠶᠢᠨ ᠨᠠᠷᠢᠨ ᠲᠠᠩᠰᠠ      ︵ᠨᠢᠭᠡ︶ ᠬᠤᠰᠢᠭᠤ ᠳᠠᠷᠤᠭ᠎ᠠ      ⒈ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠵᠢᠯ ᠢ ᠤᠳᠤᠷᠢᠳᠤᠨ᠎ᠠ᠃      ⒉ᠠᠶᠤᠯᠭᠦᠶ ᠦᠢᠯᠡᠳᠪᠦᠷᠢᠯᠡᠯ ᠢ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠪᠣᠯᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠴᠢᠬᠤᠯᠠ ᠠᠭᠤᠯᠭ᠎ᠠ ᠳᠤ ᠣᠷᠣᠭᠤᠯᠤᠨ᠎ᠠ᠃      ⒊ ᠠᠶᠤᠯᠭᠦᠶ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠭᠤᠯᠭ᠎ᠠ ᠶᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠳᠤ ᠣᠷᠣᠭᠤᠯᠬᠤ ᠶᠢ ᠵᠣᠬᠢᠶᠠᠨ ᠪᠠᠶᠢᠭᠤᠯᠤᠨ᠎ᠠ᠃      ⒋ ᠵᠢᠯ ᠳᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠠᠳᠠᠭ ᠲᠠᠭᠠᠨ 2 ᠤᠳᠠᠭ᠎ᠠ ᠲᠤᠰᠬᠠᠶ ᠰᠡᠳᠦᠪ ᠢᠶᠠᠷ ᠰᠤᠳᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠤᠨ᠎ᠠ︔ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠪᠠᠶᠢᠴᠠᠭᠠᠯᠲᠠ ᠪᠤᠶᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠬᠤ ᠶᠢ ᠤᠯᠠᠷᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠳᠠᠭᠠᠭᠤᠯᠤᠨ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ᠲᠤᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠨ᠎ᠠ᠃      ⒌2022 ᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠭᠤᠤᠯᠳᠠᠯᠭ᠎ᠠ ᠪᠠ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ 2022 ᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠤᠳᠤᠷᠢᠳᠬᠤ ᠪᠠᠭ ᠤᠨ ᠪᠦᠷᠢᠯᠳᠦᠬᠦᠨ ᠤ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠶᠢ ᠱᠠᠭᠠᠷᠳᠠᠨ ᠪᠠᠶᠢᠴᠠᠭᠠᠵᠤ ᠵᠢᠯᠣᠭᠤᠳᠤᠨ᠎ᠠ᠃      ⒍ᠠᠶᠤᠯᠭᠦᠶ ᠦᠢᠯᠡᠳᠪᠦᠷᠢᠯᠡᠯ ᠤᠨ ᠡᠳ᠋ ᠤᠨ ᠵᠠᠰᠠᠭ ᠤᠨ ᠲᠥᠰᠦᠪ ᠤᠨ ᠣᠷᠣᠭᠤᠯᠤᠯᠲᠠ ᠶᠢ ᠨᠡᠮᠡᠭᠳᠡᠭᠦᠯᠵᠦ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠱᠠᠭᠠᠷᠳᠠᠭᠳᠠᠬᠤ ᠶᠢ ᠠᠵᠢᠯᠳᠠᠨ᠂ ᠵᠠᠷᠤᠳᠠᠯ ᠪᠠ ᠲᠦᠬᠦᠭᠡᠷᠦᠮᠵᠢ ᠶᠢ ᠪᠠᠲᠤᠯᠠᠨ᠎ᠠ᠃      ⒎ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠢᠯᠣᠭᠤᠳᠤᠨ ᠨᠠᠶᠢᠷᠠᠭᠤᠯᠤᠨ ᠵᠣᠬᠢᠶᠠᠵᠤ᠂ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠪᠠᠶᠢᠴᠠᠭᠠᠨ ᠰᠢᠢᠳᠪᠦᠷᠢᠯᠡᠬᠦ ᠵᠢᠴᠢ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠬᠠᠤᠯᠢ ᠶᠣᠰᠣᠭᠠᠷ ᠤᠳᠤᠷᠢᠳᠬᠤ ᠪᠠ ᠵᠣᠬᠢᠶᠠᠨ ᠪᠠᠶᠢᠭᠤᠯᠤᠨ᠎ᠠ᠃      ⒏ ᠠᠶᠤᠯᠭᠦᠶ ᠦᠢᠯᠡᠳᠪᠦᠷᠢᠯᠡᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠬᠢᠨᠠᠨ ᠰᠢᠯᠭᠠᠭᠠᠳ ᠬᠢᠷᠢ ᠲᠡᠩᠴᠡᠭᠰᠡᠨ ᠥᠬᠡᠶ ᠶᠢ ᠨᠢ ︽ᠨᠢᠭᠡ ᠪᠢᠯᠧᠲ ᠢᠶᠠᠷ ᠦᠭᠡᠶᠢᠰᠬᠡᠬᠦ︾ ᠶᠢ ᠬᠡᠷᠡᠭᠵᠢᠭᠦᠯᠦᠨ᠎ᠡ᠃      ⒐ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠵᠣᠬᠢᠶᠠᠨ ᠪᠠᠶᠢᠭᠤᠯᠤᠨ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃      ⒑ ᠠᠶᠤᠯᠭᠦᠶ ᠦᠢᠯᠡᠳᠪᠦᠷᠢᠯᠡᠯ ᠤᠨ ︽ᠠᠷᠪᠠᠨ ᠲᠠᠪᠤᠨ ᠵᠦᠢᠯ ᠤᠨ ᠴᠢᠩᠭ᠎ᠠ ᠠᠷᠭ᠎ᠠ ᠬᠡᠮᠵᠢᠶ᠎ᠡ︾ ᠶᠢᠨ ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃      ⒒ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢᠨ ᠱᠠᠭᠠᠷᠳᠠᠯᠭ᠎ᠠ ᠶᠣᠰᠣᠭᠠᠷ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠲᠤᠰᠢᠶᠠᠯ ᠤᠨ ᠮᠡᠳᠡᠭᠦᠯᠦᠯᠲᠡ ᠶᠢᠨ ᠠᠭᠤᠯᠭ᠎ᠠ ᠳᠤ ᠣᠷᠣᠭᠤᠯᠤᠨ᠎ᠠ᠃      ︵ᠬᠤᠶᠠᠷ︶ ᠪᠠᠶᠢᠩᠭᠤ ᠶᠢᠨ ᠳᠡᠳ᠋ ᠬᠤᠰᠢᠭᠤ ᠳᠠᠷᠤᠭ᠎ᠠ᠃      ⒈ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠬᠤᠰᠢᠭᠤ ᠳᠠᠷᠤᠭ᠎ᠠ ᠶᠢ ᠬᠠᠪᠰᠤᠷᠤᠨ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠦᠪᠵᠢᠭᠦᠯᠦᠨ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃      ⒉ ᠠᠶᠤᠯᠭᠦᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠪᠠᠶᠢᠴᠠᠭᠠᠬᠤ᠂ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠠᠭ ᠲᠤᠬᠠᠶ ᠳᠤᠨᠢ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠲᠣᠭᠲᠠᠮᠠᠯ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      ⒊ ᠠᠮᠤᠷ ᠲᠦᠪᠰᠢᠨ ᠤ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠪᠠᠶᠢᠴᠠᠭᠠᠵᠤ ᠵᠠᠰᠠᠬᠤ ᠤᠷᠢᠳᠴᠢᠯᠠᠨ ᠰᠡᠷᠭᠡᠶᠢᠯᠡᠬᠦ ᠠᠵᠢᠯ ᠤᠨ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃      ⒋ ᠠᠶᠤᠯᠭᠦᠶ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠠᠶᠤᠯ ᠠᠴᠠ ᠠᠪᠤᠷᠠᠵᠤ ᠠᠪᠤᠷᠠᠨ ᠲᠤᠰᠠᠯᠠᠬᠤ ᠪᠠ ᠪᠠᠶᠢᠴᠠᠭᠠᠨ ᠰᠢᠢᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃      ⒌ᠠᠶᠤᠯᠭᠦᠶ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠪᠠ ᠬᠥᠮᠦᠵᠢᠯ ᠪᠣᠯᠪᠠᠰᠤᠷᠠᠭᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠠᠵᠢᠯ ᠢ ᠨᠢᠭᠡᠳᠦᠯᠲᠡᠶ ᠲᠥᠯᠦᠪᠵᠢᠭᠦᠯᠦᠨ ᠠᠬᠢᠭᠤᠯᠤᠨ᠎ᠠ᠃      ⒍ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ︵ᠬᠦᠷᠢᠶ᠎ᠡ ᠴᠠᠷᠠᠭ᠎ᠠ︶᠂ ᠰᠠᠯᠠᠭ᠎ᠠ ᠮᠥᠴᠢᠷ ︵ᠨᠢᠭᠡᠴᠡ︶ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ  ᠲᠥᠯᠦᠪᠵᠢᠭᠦᠯᠦᠨ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠲᠤᠬᠠᠶᠢᠯᠠᠭᠰᠠᠨ ᠠᠵᠢᠯ ᠯᠤᠭ᠎ᠠ ᠵᠡᠷᠭᠡ ᠳᠤᠨᠢ ᠳᠣᠭᠢᠷᠠᠭᠤᠯᠤᠨ ᠪᠠᠶᠢᠷᠢᠯᠠᠭᠤᠯᠵᠤ᠂ ᠵᠡᠷᠭᠡ ᠳᠤᠨᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠡᠷᠭᠡ ᠳᠤᠨᠢ ᠬᠢᠨᠠᠯᠲᠠ ᠲᠠᠯᠪᠢᠵᠤ ᠪᠠᠶᠢᠴᠠᠭᠠᠨ᠎ᠠ᠃      ⒎ 2022 ᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠭᠤᠤᠯᠳᠠᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠤᠨ᠎ᠠ᠃      ⒏ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ ᠪᠠ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠲᠥᠪᠯᠡᠷᠡᠭᠦᠯᠦᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ⒐ ᠠᠶᠤᠯᠭᠦᠶ ᠦᠢᠯᠡᠳᠪᠦᠷᠢᠯᠡᠯ ᠤᠨ ︽ᠠᠷᠪᠠᠨ ᠲᠠᠪᠤᠨ ᠵᠦᠢᠯ ᠤᠨ ᠴᠢᠩᠭ᠎ᠠ ᠠᠷᠭ᠎ᠠ ᠬᠡᠮᠵᠢᠶ᠎ᠡ︾ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃      ⒑ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠱᠠᠭᠠᠷᠳᠠᠯᠭ᠎ᠠ ᠶᠣᠰᠣᠭᠠᠷ ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠲᠤᠰᠢᠶᠠᠯ ᠤᠨ ᠮᠡᠳᠡᠭᠦᠯᠦᠯᠲᠡ ᠬᠢᠬᠦ ᠠᠭᠤᠯᠭ᠎ᠠ ᠳᠤ ᠣᠷᠣᠭᠤᠯᠤᠨ᠎ᠠ᠃      ︵ᠭᠤᠷᠪᠠ︶ ᠪᠤᠰᠤᠳ ᠬᠤᠰᠢᠭᠤ ᠳᠡᠳ᠋ ᠳᠠᠷᠤᠭ᠎ᠠ᠃      ⒈ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠨ᠎ᠡ᠃      ⒉ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠪᠠ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠪᠠᠷᠢᠮᠲᠠᠯᠠᠵᠤ᠂ ᠬᠤᠪᠢᠳᠠᠨ ᠬᠠᠮᠢᠶᠠᠷᠴᠤ ᠪᠥᠬᠦᠶ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃      ⒊ᠬᠤᠪᠢᠳᠠᠨ ᠬᠠᠮᠢᠶᠠᠷᠴᠤ ᠪᠥᠬᠦᠢ ᠬᠦᠷᠢᠶ᠎ᠡ᠂ ᠰᠠᠯᠠᠭ᠎ᠠ ᠮᠥᠴᠢᠷ ︵ᠨᠢᠭᠡᠴᠡ︶  ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠤᠯᠠᠷᠢᠯ ᠪᠦᠷᠢ ᠠᠳᠠᠭ ᠲᠠᠭᠠᠨ ᠨᠢᠭᠡ ᠤᠳᠠᠭ᠎ᠠ ᠰᠣᠨᠣᠰᠴᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ᠤᠯᠠᠷᠢᠯ ᠪᠦᠷᠢ ᠠᠳᠠᠭ ᠲᠠᠭᠠᠨ ᠬᠤᠶᠠᠷ ᠤᠳᠠᠭ᠎ᠠ ᠳᠤᠭᠤᠶᠢᠯᠠᠩ ᠳᠠᠭᠠᠭᠤᠯᠤᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠪᠠᠶᠢᠴᠠᠭᠠᠯᠲᠠ ᠪᠤᠶᠤ ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠤ᠂ ᠠᠶᠤᠯᠭᠦᠶ ᠦᠢᠯᠡᠳᠪᠦᠷᠢᠯᠡᠯ ᠤᠨ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠨ᠎ᠡ᠃      ⒋ᠬᠤᠪᠢᠳᠠᠨ ᠬᠠᠮᠢᠶᠠᠷᠴᠤ ᠪᠥᠬᠦᠢ ᠠᠵᠢᠯ ᠲᠥᠷᠥᠯ ᠤᠨ ᠬᠦᠷᠢᠶ᠎ᠡ ᠬᠡᠪᠴᠢᠶ᠎ᠡ᠂ ᠰᠠᠯᠠᠭ᠎ᠠ ᠮᠥᠴᠢᠷ ︵ᠨᠢᠭᠡᠴᠡ︶  ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ ᠪᠥᠷᠢᠨᠰᠢᠬᠦᠯᠥᠨ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠬᠠᠮᠢᠶ᠎ᠠ ᠪᠥᠬᠦᠢ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠨ ᠤ ᠠᠵᠢᠯ ᠤᠨ ᠲᠥᠯᠥᠪᠯᠡᠭᠡ ᠳᠤ ᠣᠷᠣᠭᠤᠯᠵᠤ᠂ ᠠᠵᠢᠯ ᠤᠨ ᠬᠤᠷᠠᠯ ᠬᠤᠷᠠᠯᠳᠤᠭᠤᠯᠬᠤ᠂ ᠪᠠᠶᠢᠴᠠᠭᠠᠨ ᠰᠤᠳᠤᠯᠵᠤ ᠱᠠᠭᠠᠷᠳᠠᠨ ᠪᠠᠶᠢᠴᠠᠭᠠᠬᠤ ᠶᠠᠪᠤᠴᠠ ᠳᠤ᠂ ᠠᠶᠤᠯᠭᠦᠶ ᠦᠢᠯᠡᠳᠪᠦᠷᠢᠯᠡᠯ ᠤᠨ ᠠᠵᠢᠯ  ᠢ ᠲᠤᠬᠠᠶᠢᠯᠠᠭᠰᠠᠨ ᠠᠵᠢᠯ ᠲᠠᠢ ᠵᠡᠷᠭᠡ ᠲᠤᠨᠢ ᠲᠣᠬᠢᠷᠠᠭᠤᠯᠤᠨ ᠪᠠᠶᠢᠷᠢᠯᠠᠭᠤᠯᠵᠤ᠂ ᠵᠡᠷᠭᠡ ᠲᠤᠨᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠡᠷᠭᠡ ᠲᠤᠨᠢ ᠬᠢᠨᠠᠯᠲᠠ ᠲᠠᠯᠪᠢᠵᠤ ᠪᠠᠶᠢᠴᠠᠭᠠᠨ᠎ᠠ᠃      ⒌ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠬᠦᠷᠢᠶ᠎ᠡ ᠬᠡᠪᠴᠢᠶ᠎ᠡ᠂ ᠰᠠᠯᠠᠭ᠎ᠠ ᠮᠥᠴᠢᠷ ︵ᠨᠢᠭᠡᠴᠡ︶  ᠢ ᠱᠠᠭᠠᠷᠳᠠᠵᠤ ᠠᠶᠤᠯᠭᠦᠶ ᠦᠢᠯᠡᠳᠪᠦᠷᠢᠯᠡᠯ ᠤᠨ ᠠᠵᠢᠯ  ᠢ ᠬᠤᠪᠢᠳᠠᠨ ᠬᠠᠮᠢᠶᠠᠷᠴᠤ ᠪᠥᠬᠦᠢ ᠨᠢᠭᠡᠨ ᠲᠤᠰᠬᠠᠶ ᠲᠤᠰᠢᠶᠠᠯ ᠲᠠᠢ ᠤᠳᠤᠷᠢᠳᠬᠤ ᠪᠠᠭ ᠤᠨ ᠪᠦᠷᠢᠯᠳᠦᠬᠦᠨ ᠢ ᠲᠣᠭᠲᠠᠭᠠᠨ᠎ᠠ᠃      ⒍ ᠬᠤᠪᠢᠳᠠᠨ ᠬᠠᠮᠢᠶᠠᠷᠴᠤ ᠪᠥᠬᠦᠶ ᠠᠵᠢᠯ ᠲᠥᠷᠥᠯ ︵ᠬᠦᠷᠢᠶ᠎ᠡ ᠬᠡᠪᠴᠢᠶ᠎ᠡ︶᠂ ᠰᠠᠯᠠᠭ᠎ᠠ ᠮᠥᠴᠢᠷ ︵ᠨᠢᠭᠡᠴᠡ︶ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠲᠦᠪᠰᠢᠨ ᠤ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠪᠠᠶᠢᠴᠠᠭᠠᠵᠤ ᠵᠠᠰᠠᠬᠤ ᠠᠵᠢᠯ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃      ⒎ᠬᠤᠪᠢᠳᠠᠨ ᠬᠠᠮᠢᠶᠠᠷᠴᠤ ᠪᠥᠬᠦᠢ ᠠᠵᠢᠯ ᠲᠥᠷᠥᠯ ︵ᠬᠦᠷᠢᠶ᠎ᠡ ᠬᠡᠪᠴᠢᠶ᠎ᠡ︶᠂ ᠰᠠᠯᠠᠭ᠎ᠠ ᠮᠥᠴᠢᠷ ︵ᠨᠢᠭᠡᠴᠡ︶ ᠢ ᠵᠢᠯᠣᠭᠤᠳᠴᠤ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠬᠤ ᠶᠢᠨ ᠬᠠᠮᠲᠤ ᠰᠣᠷᠢᠯᠲᠠ ᠬᠢᠵᠦ᠂ ᠬᠤᠪᠢᠳᠠᠨ ᠬᠠᠮᠢᠶᠠᠷᠴᠤ ᠪᠥᠬᠦᠢ ᠠᠵᠢᠯ ᠲᠥᠷᠥᠯ ︵ᠬᠦᠷᠢᠶ᠎ᠡ ᠬᠡᠪᠴᠢᠶ᠎ᠡ︶ ᠤᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠠᠶᠤᠯ ᠠᠴᠠ ᠠᠪᠤᠷᠠᠨ ᠲᠤᠰᠠᠯᠠᠬᠤ ᠪᠠ ᠪᠠᠶᠢᠴᠠᠭᠠᠨ ᠰᠢᠢᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃      ⒏ᠬᠤᠪᠢᠳᠠᠨ ᠬᠠᠮᠢᠶᠠᠷᠴᠤ ᠪᠥᠬᠦᠶ ᠠᠵᠢᠯ ᠲᠥᠷᠥᠯ ︵ᠬᠦᠷᠢᠶ᠎ᠡ ᠴᠠᠷᠠᠭ᠎ᠠ︶᠂ ᠰᠠᠯᠠᠭ᠎ᠠ ᠮᠥᠴᠢᠷ ︵ᠨᠢᠭᠡᠴᠡ ︶ ᠤᠨ ᠠᠶᠤᠯᠭᠦᠶ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ      ⒐ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ︵ᠬᠦᠷᠢᠶ᠎ᠡ ᠴᠠᠷᠠᠭ᠎ᠠ︶᠂ ᠰᠠᠯᠠᠭ᠎ᠠ ᠮᠥᠴᠢᠷ ︵ᠨᠢᠭᠡᠴᠡ︶ ᠤᠨ 2022 ᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠭᠤᠤᠯᠳᠠᠯᠭ᠎ᠠ ᠶᠢ ᠨᠠᠶᠢᠳᠠᠪᠤᠷᠢᠵᠢᠭᠤᠯᠬᠤ ᠶᠢ ᠵᠣᠬᠢᠶᠠᠨ ᠪᠠᠶᠢᠭᠤᠯᠤᠨ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ ᠪᠠ ᠠᠶᠤᠯᠲᠠᠶ ᠬᠢᠮᠢ ᠶᠢᠨ ᠪᠣᠳᠠᠰ ᠤᠨ ᠠᠶᠤᠯᠭᠦᠶ ᠶᠢᠨ ᠲᠦᠭᠰᠢᠭᠦᠷᠢ ᠶᠢ ᠲᠥᠪᠯᠡᠷᠡᠭᠦᠯᠦᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠤᠨ᠎ᠠ᠃      ⒑ᠬᠤᠪᠢᠳᠠᠨ ᠬᠠᠮᠢᠶᠠᠷᠴᠤ ᠪᠥᠬᠦᠶ ᠠᠵᠢᠯ ᠲᠥᠷᠥᠯ ︵ᠬᠦᠷᠢᠶ᠎ᠡ ᠴᠠᠷᠠᠭ᠎ᠠ︶᠂ ᠰᠠᠯᠠᠭ᠎ᠠ ᠮᠥᠴᠢᠷ ︵ᠨᠢᠭᠡᠴᠡ ︶ ᠤᠨ ᠠᠶᠤᠯᠭᠦᠶ ᠦᠢᠯᠡᠳᠪᠦᠷᠢᠯᠡᠯ ᠤᠨ ︽ᠠᠷᠪᠠᠨ ᠲᠠᠪᠤᠨ ᠵᠦᠢᠯ ᠤᠨ  ᠴᠢᠩᠭ᠎ᠠ ᠠᠷᠭ᠎ᠠ ᠬᠡᠮᠵᠢᠶ᠎ᠡ︾ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃      ⒒ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠱᠠᠭᠠᠷᠳᠠᠯᠭ᠎ᠠ ᠶᠣᠰᠣᠭᠠᠷ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠲᠤᠰᠢᠶᠠᠯ ᠤᠨ ᠮᠡᠳᠡᠭᠦᠯᠦᠯᠲᠡ ᠶᠢᠨ ᠠᠭᠤᠯᠭ᠎ᠠ ᠳᠤ ᠣᠷᠣᠭᠤᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号