ᠰᠥᠨᠢᠳ ᠪᠠᠷᠠᠭᠤᠨ ᠬᠤᠰᠢᠭᠤᠨ ᠤ ᠪᠠᠶᠢᠴᠠᠭᠠᠨ ᠰᠤᠷᠤᠯᠴᠠᠬᠤ ᠪᠦᠯᠬᠦᠮ ᠤᠨ ᠬᠢᠨ ᠮᠠᠨ ᠤ ᠪᠠᠯᠭᠠᠰᠤᠨ ᠳᠤ ᠢᠷᠡᠵᠤ ᠪᠠᠶᠢᠴᠠᠭᠠᠨ ᠰᠤᠷᠤᠯᠴᠠᠪᠠ
ᠨᠡᠶᠢᠲᠡᠯᠡᠭᠰᠡᠨ ᠴᠠᠭ᠄
2022/12/9
      11 ᠰᠠᠷ᠎ᠠ ᠶᠢᠨ 24 ᠤ ᠡᠳᠦᠷ᠂ ᠰᠥᠨᠢᠳ ᠪᠠᠷᠠᠭᠤᠨ ᠬᠤᠰᠢᠭᠤᠨ ᠤ  ᠪᠠᠶᠢᠴᠠᠭᠠᠨ ᠰᠤᠷᠤᠯᠴᠠᠬᠤ ᠪᠦᠯᠬᠦᠮ ᠤᠨ ᠬᠢᠨ ᠮᠠᠨ ᠤ ᠪᠠᠯᠭᠠᠰᠤᠨ ᠳᠤ ᠢᠷᠡᠵᠦ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠠᠳ ᠤᠨ ᠲᠥᠯᠥᠭᠡᠯᠡᠭᠴᠢᠳ ᠤᠨ ᠦᠷᠦᠭᠡ  ᠶᠢ ᠡᠭᠦᠳᠦᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠵᠤ ᠰᠤᠷᠤᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠮᠢᠶ᠎ᠠ ᠪᠦᠬᠦᠢ ᠤᠳᠤᠷᠢᠳᠤᠯᠭ᠎ᠠ  ᠪᠠᠷᠠᠭᠠᠳᠠᠪᠠ᠃      ᠪᠠᠶᠢᠴᠠᠭᠠᠨ ᠰᠤᠷᠤᠯᠴᠠᠬᠤ ᠳᠤᠭᠤᠶᠢᠯᠠᠩ ᠤᠨ ᠬᠢᠨ ᠤᠷᠢᠳ ᠬᠤᠵᠢᠳ ᠮᠠᠨ ᠤ ᠪᠠᠯᠭᠠᠰᠤᠨ ᠤ ᠡᠩᠬᠡᠵᠢᠷᠭᠠᠯᠠᠩ ᠭᠠᠴᠠᠭ᠎ᠠ᠂ ᠮᠠᠨᠳᠤᠬᠤ ᠨᠡᠶᠢᠭᠡᠮ ᠲᠣᠭᠤᠷᠢᠭ ᠤᠨ ︽ᠠᠷᠠᠳ ᠤᠨ ᠲᠥᠯᠥᠭᠡᠯᠡᠭᠴᠢᠳ ᠤᠨ ᠦᠷᠦᠭᠡ︾ ᠪᠣᠯᠣᠨ ᠪᠠᠶᠢᠭᠤᠯᠤᠯᠭ᠎ᠠ ᠶᠢᠨ ︽ᠠᠷᠠᠳ ᠤᠨ ᠲᠥᠯᠥᠭᠡᠯᠡᠭᠴᠢᠳ ᠤᠨ ᠦᠷᠦᠭᠡ︾ ᠲᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠮᠠᠨ ᠤ ᠪᠠᠯᠭᠠᠰᠤᠨ ᠤ  ︽ᠠᠷᠠᠳ ᠤᠨ ᠲᠥᠯᠥᠭᠡᠯᠡᠭᠴᠢᠳ ᠤᠨ ᠦᠷᠦᠭᠡ︾  ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ  ᠂ ᠲᠠᠨᠢᠯᠴᠠᠭᠤᠯᠭ᠎ᠠ ᠶᠢ ᠰᠣᠨᠣᠰᠬᠤ ᠪᠠ ᠮᠠᠲ᠋ᠧᠷᠢᠶᠠᠯ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠢᠶᠠᠰᠤᠲᠠᠢ ᠪᠠᠯᠭᠠᠰᠤᠨ ᠤ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠦᠷᠦᠭᠡ  ᠶᠢ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠲᠥᠯᠦᠪᠵᠢᠭᠦᠯᠭᠡ ᠪᠠ ᠠᠷᠭ᠎ᠠ ᠬᠢᠳᠡᠯ ᠢ ᠨᠠᠷᠢᠨ ᠣᠶᠢᠯᠠᠭᠠᠪᠠ᠃  ᠪᠠᠶᠢᠴᠠᠭᠠᠨ ᠰᠤᠷᠤᠯᠴᠠᠬᠤ ᠶᠠᠪᠤᠴᠠ ᠳᠤ᠂ ᠬᠤᠶᠠᠷ ᠲᠠᠯ᠎ᠠ ᠪᠠᠷ ᠢᠶᠠᠨ ᠪᠠᠰᠠ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮᠵᠢᠭᠰᠡᠨ ᠪᠠᠶᠢᠭᠤᠯᠤᠯᠲᠠ ᠪᠣᠯᠣᠨ ᠲᠥᠯᠥᠭᠡᠯᠡᠭᠴᠢᠳ ᠤᠨ ᠠᠵᠢᠯ ᠢ ᠥᠷᠨᠢᠭᠦᠯᠦᠭᠰᠡᠨ ᠵᠡᠷᠭᠡ ᠪᠠᠶᠢᠳᠠᠯ ᠤᠨ ᠲᠤᠬᠠᠢ ᠰᠤᠳᠤᠯᠤᠨ ᠰᠤᠷᠤᠯᠴᠠᠵᠤ᠂ ᠲᠤᠰ ᠤᠳᠠᠭ᠎ᠠ ᠶᠢᠨ ᠰᠤᠷᠤᠯᠴᠠᠯᠭ᠎ᠠ ᠰᠢᠨᠵᠢᠯᠡᠨ ᠪᠠᠶᠢᠴᠠᠭᠠᠯᠲᠠ ᠪᠠᠷ ᠳᠠᠮᠵᠢᠨ᠂ ᠬᠤᠶᠠᠷ ᠲᠠᠯ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠠᠯ᠎ᠠ ᠪᠠᠷ ᠬᠠᠷᠢᠯᠴᠠᠨ ᠰᠤᠷᠤᠯᠴᠠᠬᠤ ᠪᠠ ᠲᠣᠯᠢ ᠪᠣᠯᠭᠠᠬᠤ ᠶᠢ ᠠᠬᠢᠭᠤᠯᠵᠠᠢ᠃      ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠪᠠᠶᠢᠴᠠᠭᠠᠨ ᠰᠤᠷᠤᠯᠴᠠᠬᠤ ᠳᠤᠭᠤᠶᠢᠯᠠᠩ ᠤᠨ ᠬᠢᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠰᠤᠷᠤᠯᠴᠠᠯᠭ᠎ᠠ ᠪᠠᠶᠢᠴᠠᠭᠠᠯᠲᠠ ᠪᠠᠷ ᠳᠡᠮᠵᠢᠨ᠂ ᠤᠯᠢᠶᠠᠰᠤᠲᠠᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠭᠤᠷᠢ ᠠᠵᠢᠯ ᠵᠢᠴᠢ ︽ᠠᠷᠠᠳ ᠤᠨ ᠲᠥᠯᠥᠭᠡᠯᠡᠭᠴᠢᠳ ᠤᠨ ᠦᠷᠦᠭᠡ︾  ᠶᠢ ᠡᠭᠦᠳᠦᠨ ᠪᠠᠶᠢᠭᠤᠯᠬᠤ ᠵᠡᠷᠭᠡ ᠲᠠᠯ᠎ᠠ ᠪᠠᠷ ᠬᠢ ᠬᠢᠯᠠᠰ ᠴᠡᠭ ᠪᠠ ᠣᠨᠴᠠᠯᠢᠭ ᠢ ᠣᠯᠵᠤ ᠬᠠᠷᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠣᠯᠳᠠᠯᠭ᠎ᠠ ᠵᠢᠴᠢ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ ᠴᠢᠳᠠᠨ᠎ᠠ ᠭᠡᠵᠡᠢ᠃ ᠬᠤᠶᠠᠷ ᠲᠠᠯ᠎ᠠ ᠪᠠᠷ ᠢᠶᠠᠨ ᠳᠠᠷᠠᠭᠠᠴᠢ ᠶᠢᠨ ᠠᠯᠬᠤᠮ ᠤᠨ ᠠᠵᠢᠯ ᠳᠤᠮᠳᠠ ᠪᠠᠨ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ ᠂ ᠬᠠᠷᠢᠯᠴᠠᠨ ᠰᠤᠷᠤᠯᠴᠠᠵᠤ᠂ ᠬᠠᠮᠲᠤᠪᠠᠷ ᠬᠥᠭᠵᠢᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ  ᠠᠬᠢᠭᠤᠯᠤᠨ᠎ᠠ ᠬᠡᠵᠡᠢ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号