ᠬᠤᠰᠢᠭᠤ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠤᠢ ᠶᠢᠩ ᠵᠢᠶᠠᠨ ᠨᠠᠷ ᠭᠠᠬᠢᠯ ᠰᠤᠮᠤᠨ ᠳᠤ ᠭᠦᠨᠵᠡᠭᠡᠶᠢᠷᠡᠵᠦ ᠠᠭᠤᠷᠬᠠᠢ ᠶᠢᠨ ᠠᠵᠤ ᠠᠬᠤᠶᠢᠯᠠᠯ ᠤᠨ ᠠᠵᠢᠯ ᠢ ᠪᠠᠶᠢᠴᠠᠭᠠᠨ  ᠵᠢᠯᠤᠭᠤᠳᠪᠠ
ᠨᠡᠶᠢᠲᠡᠯᠡᠭᠰᠡᠨ ᠴᠠᠭ᠄
2022/12/9
      11 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂  ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠤᠢ ᠶᠢᠩ ᠵᠢᠶᠠᠨ ᠨᠠᠷ  ᠭᠠᠬᠢᠯ ᠰᠤᠮᠤᠨ ᠳᠤ ᠭᠦᠨᠵᠡᠭᠡᠶᠢᠷᠡᠨ ᠠᠭᠤᠷᠬᠠᠶ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠵᠢᠯᠣᠭᠤᠳᠪᠠ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ  ᠮᠡᠨᠳᠦ ᠶᠢᠨ ᠵᠥᠪᠯᠡᠯ ᠪᠣᠯᠤᠨ ᠰᠤᠮᠤᠨ ᠤ ᠨᠠᠮ ᠵᠠᠰᠠᠭ ᠤᠨ ᠤᠳᠤᠷᠢᠳᠤᠯᠭ᠎ᠠ ᠪᠠᠷ᠎ᠠ ᠪᠣᠯᠪᠠ᠃      ᠰᠢᠤᠢ ᠶᠢᠩ ᠵᠢᠶᠠᠨ ᠨᠠᠷ ᠤᠷᠢᠳ ᠬᠤᠵᠢᠳ ᠥᠪᠥᠷ ᠮᠣᠩᠭᠤᠯ ᠤᠨ ᠰᠢᠩ ᠶᠧ ᠪᠦᠯᠦᠭᠯᠡᠯ ᠤᠨ ᠷᠦᠩ ᠭᠤᠸᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠰᠢᠯᠢ ᠶᠢᠨ ᠭᠤᠣᠯ ᠠᠶᠢᠮᠠᠭ ᠤᠨ ᠬᠤᠩ ᠪᠥᠸᠧ ᠠᠭᠤᠷᠬᠠᠢ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠠᠭᠤᠷᠬᠠᠶ ᠶᠢᠨ ᠠᠵᠤ ᠠᠬᠤᠶᠢᠯᠠᠯ ᠤᠨ  ᠠᠶᠦᠯᠭᠦᠢ  ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠬᠠᠮᠢᠶ᠎ᠠ ᠪᠥᠬᠦᠶ ᠠᠵᠢᠯ ᠤᠨ ᠶᠡᠷᠦᠩᠬᠡᠶ ᠪᠠᠶᠢᠳᠠᠯ ᠢ ᠨᠠᠷᠢᠨ ᠣᠶᠢᠯᠠᠭᠠᠵᠤ᠂ ᠠᠷᠭ᠎ᠠ ᠬᠡᠮᠵᠢᠶ᠎ᠡ ᠪᠠ ᠪᠣᠳᠠᠲᠠᠶ ᠦᠷ᠎ᠡ ᠪᠦᠲᠦᠮᠵᠢ ᠶᠢ ᠠᠪᠴᠤ᠂ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠪᠥᠬᠦ ᠲᠠᠯ᠎ᠠ ᠪᠠᠷ ᠡᠵᠡᠮᠰᠢᠨ᠂  ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠭᠦᠨᠵᠡᠭᠡᠶ ᠰᠤᠳᠤᠯᠤᠨ ᠶᠠᠷᠢᠯᠴᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠰᠠᠨᠠᠯ ᠰᠠᠨᠠᠭᠤᠯᠭ᠎ᠠ  ᠳᠤᠷᠠᠳᠴᠠᠢ᠃      ᠰᠢᠤᠢ ᠶᠢᠩ ᠵᠢᠶᠠᠨ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠴᠢᠩᠭ᠎ᠠ ᠪᠠᠶᠢᠴᠠᠭᠠᠵᠤ᠂  ᠳᠤᠲᠠᠭᠳᠠᠯ ᠪᠠᠭᠤᠷᠠᠢ ᠵᠦᠢᠯᠡᠰ ᠢ ᠴᠠᠭ ᠲᠤᠬᠠᠢ ᠳᠤᠨᠢ ᠨᠥᠬᠦᠪᠥᠷᠢᠯᠡᠵᠦ᠂ ᠰᠡᠷᠭᠡᠶᠢᠯᠡᠨ ᠨᠠᠮᠳᠠᠭᠤᠯᠬᠤ ᠶᠢ ᠦᠨᠡᠨᠬᠦ ᠪᠡᠶᠡᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠶᠢᠰᠦᠳᠦᠭᠡᠷ ᠬᠡᠪᠯᠡᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠥᠰᠦᠯ ᠪᠠ ᠰᠡᠷᠭᠡᠶᠢᠯᠡᠨ ᠬᠢᠵᠠᠭᠠᠷᠯᠠᠬᠤ ᠠᠵᠢᠯ ᠢ ᠰᠢᠯᠢᠳᠡᠭᠵᠢᠭᠦᠯᠬᠦ ︽ᠬᠤᠷᠢᠨ ᠵᠤᠷᠪᠤᠰ ︾ ᠤᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠬᠥᠮᠦᠨ ᠪᠠ ᠲᠡᠭᠡᠭᠡᠪᠦᠷᠢ ᠶᠢᠨ ᠲᠡᠷᠭᠡ  ᠶᠢ ᠰᠠᠶᠢᠲᠤᠷ ᠬᠠᠮᠢᠶᠠᠷᠤᠨ ᠡᠵᠡᠮᠳᠡᠬᠦ ᠪᠠᠷ ᠪᠠᠷᠠᠬᠤ ᠦᠭᠡᠢ ᠪᠠᠰᠠ ᠰᠠᠶᠢᠲᠤᠷ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号