ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ    ᠬᠠᠢ ᠪᠦᠦ
ᠨᠡᠶᠢᠲᠡᠯᠡᠭᠰᠡᠨ ᠴᠠᠭ᠄
2022/2/11
ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ      ᠡᠷᠬᠢᠯᠡᠭᠴᠢ ᠶᠢᠨ ᠠᠵᠢᠯ ᠢ ᠬᠠᠪᠰᠤᠷᠤᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠲᠣᠭᠠᠳᠤ ᠶᠠᠪᠤᠳᠠᠯ ᠬᠠᠤᠯᠢ ᠴᠠᠭᠠᠵᠠ ᠶᠢᠨ ᠠᠵᠢᠯ ᠤᠨ ᠵᠥᠪᠯᠡᠯ᠂ ᠵᠠᠬᠢᠳᠠᠯ ᠰᠣᠷᠪᠤᠯᠵᠢᠯᠠᠭ᠎ᠠ ᠶᠢᠨ ᠠᠯᠪᠠᠨ ᠭᠡᠷ ᠢ ᠬᠤᠪᠢᠳᠠᠨ ᠬᠠᠮᠢᠶᠠᠷᠴᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠠᠵᠢᠯᠴᠢᠨ ᠤ ᠡᠪᠯᠡᠯ ᠤᠨ ᠠᠵᠢᠯ ᠢ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠰᠠᠭᠤᠭ᠎ᠠ ᠴᠡᠷᠢᠭ ᠠᠩᠭᠢ᠂ ᠬᠠᠤᠯᠢ ᠴᠠᠭᠠᠵᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ᠂ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠡᠳ᠋ ᠤᠨ ᠵᠠᠰᠠᠭ ᠤᠨ ᠳᠠᠭᠠᠳᠬᠠᠯ ᠤᠨ ᠺᠣᠮᠫᠠᠨᠢ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠴᠢᠯᠠᠭᠤᠨ ᠲᠣᠰᠣᠨ ᠤ ᠺᠣᠮᠫᠠᠨᠢ᠂ ᠰᠢᠤᠳᠠᠨ ᠤ ᠲᠣᠪᠴᠢᠶ᠎ᠠ᠂ ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠦᠮᠠᠯ ᠬᠤᠯᠪᠣᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ ᠲᠠᠢ ᠬᠠᠷᠢᠯᠴᠠᠨ᠎ᠠ᠃  ᠬᠦᠷᠢᠶᠡᠳᠦᠨᠠᠭᠤᠷ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠭᠠᠬᠢᠯ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠬᠠᠷᠢᠯᠴᠠᠵᠤ ᠵᠢᠭᠠᠨ ᠵᠢᠯᠣᠭᠤᠳᠤᠨ᠎ᠠ᠃ᠠᠵᠢᠯ ᠤᠨ ᠲᠣᠪᠴᠢ ᠨᠠᠮᠲᠠᠷ      ᠬᠠᠢ ᠪᠦᠦ᠂ ᠡᠷᠡᠭᠲᠡᠢ᠂ ᠮᠣᠩᠭᠤᠯ ᠦᠨᠳᠦᠰᠦᠲᠡᠨ᠂ 1968 ᠣᠨ ᠤ 6 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠤᠳᠬ᠎ᠠ ᠵᠣᠬᠢᠶᠠᠯ ᠤᠨ ᠣᠶᠤᠲᠠᠨ ᠴᠣᠯᠠ ᠎ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠶᠢᠨ ᠲᠣᠰᠢᠶᠠᠯ ᠲᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠪᠤᠯᠠᠭ ᠰᠤᠮᠤ ᠶᠢᠨ ᠨᠠᠮ ᠤᠨ ᠬᠤᠷᠢᠶᠠᠨ ᠤ ᠭᠡᠰᠢᠭᠦᠨ᠂ ᠱᠦᠵᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠲᠡᠷᠢᠭᠦᠯᠡᠭᠴᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠢᠨ ᠲᠤᠰᠠᠯᠠᠭᠴᠢ᠂ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ᠂ ᠪᠢᠳᠡᠭᠦᠮᠵᠢᠯᠡᠨ ᠰᠢᠯᠵᠢᠭᠦᠯᠬᠦ ︵ᠠᠮᠢ ᠠᠬᠤᠢ︶ ᠠᠯᠪᠠᠨ ᠭᠡᠷ ᠤᠨ ᠡᠷᠬᠢᠯᠡᠭᠴᠢ︔ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶᠠᠨ ᠤ ᠳᠠᠷᠤᠭ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤ ᠳᠠᠷᠤᠭ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠠᠷ ᠠᠵᠢᠯᠯᠠᠵᠤ ᠦᠩᠭᠡᠷᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号