ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ | ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠥᠬᠦ ᠲᠠᠯ᠎ᠠ ᠶᠢᠨ ᠠᠵᠢᠯ ᠢ | ᠡᠷᠭᠢᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠴᠠᠭᠳᠠᠨ ᠪᠠᠶᠢᠴᠠᠭᠠᠬᠤ᠂ ᠨᠠᠮ ᠤᠨ ᠰᠤᠷᠲᠠᠯ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠ ᠢᠯᠵᠠᠷᠠᠯ ᠢ ᠡᠰᠡᠷᠭᠦᠴᠡᠬᠦ ᠠᠵᠢᠯ ᠢ ᠬᠠᠷᠢᠭᠤᠴᠠᠨ᠎ᠠ︔ | ᠬᠤᠰᠢᠭᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠭᠡᠷ ᠢ ᠬᠤᠪᠢᠳᠠᠨ ᠬᠠᠮᠢᠶᠠᠷᠤᠨ᠎ᠠ︔ ᠬᠤᠪᠢᠳᠠᠨ | ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠪᠠ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠤᠳᠤᠷᠢᠳᠬᠤ ᠬᠠᠷᠢᠭᠤᠴᠠᠯᠭ᠎ᠠ ᠶᠢ ᠭᠦᠢᠴᠡᠳᠬᠡᠵᠦ᠂ ᠤᠯᠤᠰ ᠲᠥᠷᠥ ᠶᠢᠨ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ | ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ | ᠳᠣᠲᠣᠷᠠᠬᠢ ᠠᠮᠢ ᠠᠬᠤᠢ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠵᠣᠬᠢᠴᠠᠩᠭᠤᠢ | ᠬᠠᠷᠢᠭᠤᠴᠠᠯᠭ᠎ᠠ ᠶᠢ ᠡᠭᠦᠷᠭᠡᠯᠡᠨ᠎ᠡ᠃ | ᠠᠵᠢᠯ ᠤᠨ ᠲᠣᠪᠴᠢ ᠨᠠᠮᠲᠠᠷ | ᠵᠠᠩ ᠶᠢᠨ ᠯᠢᠶᠠᠩ᠂ ᠡᠷᠡᠭᠲᠡᠢ᠂ ᠬᠢᠲᠠᠳ ᠦᠨᠳᠦᠰᠦᠲᠡᠨ᠂ 1977 ᠣᠨ ᠤ 2 ᠰᠠᠷ᠎ᠠ ᠳᠤ ᠲᠦᠷᠦᠵᠠᠢ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠲᠠᠷᠢᠶᠠᠯᠠᠩ ᠤᠨ ᠤᠬᠠᠭᠠᠨ ᠤ ᠤᠶᠤᠲᠠᠨ ᠴᠣᠯᠠ ᠲᠠᠢ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ | ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠤᠰᠢᠭᠤᠨ ᠤ ᠾᠧᠢ ᠴᠧᠩ ᠽᠢ ᠵᠢᠱᠢᠶ᠎ᠡ ᠦᠵᠡᠭᠦᠯᠬᠦ | ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠤᠨ ᠳᠡᠳ᠋ ᠡᠷᠬᠢᠯᠡᠭᠴᠢ ᠪᠠᠶᠢᠪᠠ︔ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠣᠯᠣᠨ ᠨᠠᠭᠤᠷ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠴᠠᠭᠳᠠᠨ ᠪᠠᠶᠢᠴᠠᠭᠠᠬᠤ ᠠᠯᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠤᠯᠤᠨ ᠨᠠᠭᠤᠷ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ | ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ | ᠡᠷᠬᠢᠯᠡᠭᠴᠢ ᠪᠠᠷ ᠠᠵᠢᠯᠯᠠᠵᠤ ᠦᠩᠭᠡᠷᠡᠪᠡ᠃ |