ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ | ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠥᠬᠦ ᠲᠠᠯ᠎ᠠ ᠶᠢᠨ ᠠᠵᠢᠯ ᠢ | ᠡᠷᠭᠢᠯᠡᠨ᠂ ᠨᠢᠭᠡᠳᠦᠮᠡᠯ ᠹᠷᠣᠨᠲ᠂ ᠦᠨᠳᠦᠰᠦᠲᠡᠨ᠂ ᠱᠠᠰᠢᠨ ᠰᠤᠷᠲᠠᠬᠤᠨ᠂ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠢ ᠶᠢᠨ ᠠᠵᠢᠯ ᠢ ᠬᠠᠷᠢᠭᠤᠴᠠᠨ᠎ᠠ︔ ᠱᠠᠰᠢᠨ ᠰᠤᠷᠲᠠᠬᠤᠨ ᠤ ᠲᠣᠪᠴᠢᠶ᠎ᠠ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠬᠠᠷᠢᠶᠠᠲᠤ ᠨᠠᠷ ᠤᠨ ᠬᠤᠯᠪᠣᠭ᠎ᠠ ᠶᠢ ᠬᠤᠪᠢᠳᠠᠨ ᠬᠠᠮᠢᠶᠠᠷᠤᠨ᠎ᠠ︔ | ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠪᠠ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠬᠠᠷᠢᠭᠤᠴᠠᠯᠭ᠎ᠠ ᠶᠢ ᠭᠦᠢᠴᠡᠳᠬᠡᠵᠦ᠂ ᠤᠯᠤᠰ ᠲᠥᠷᠥ ᠶᠢᠨ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠮᠢ ᠠᠬᠤᠢ ᠶᠢᠨ ᠣᠷᠴᠢᠨ ᠲᠣᠭᠤᠷᠢᠨ | ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠵᠣᠬᠢᠴᠠᠩᠭᠤᠢ ᠬᠠᠷᠢᠭᠤᠴᠠᠯᠭ᠎ᠠ ᠶᠢ ᠡᠭᠦᠷᠭᠡᠯᠡᠨ᠎ᠡ ︔ ᠬᠤᠰᠢᠭᠤᠨ ᠤ ᠡᠯ᠎ᠡ | ᠠᠷᠠᠳᠴᠢᠯᠠᠭᠰᠠᠨ ᠨᠠᠮ ᠪᠦᠯᠦᠭ ᠲᠠᠢ ᠬᠠᠷᠢᠯᠴᠠᠨ᠎ᠠ᠃ | ᠠᠵᠢᠯ ᠤᠨ ᠲᠣᠪᠴᠢ ᠨᠠᠮᠲᠠᠷ | ᠬᠦᠳᠡᠷ᠂ ᠡᠷᠡᠭᠲᠡᠢ᠂ ᠮᠣᠩᠭᠤᠯ ᠦᠨᠳᠦᠰᠦᠲᠡᠨ᠂ 1980 ᠣᠨ ᠤ 4 ᠰᠠᠷ᠎ᠠ ᠳᠤ ᠲᠦᠷᠦᠵᠠᠢ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠣᠶᠤᠲᠠᠨ ᠴᠣᠯᠠ ᠲᠠᠢ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠭᠡᠰᠢᠭᠦᠨ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠨᠠᠮ ᠵᠠᠰᠠᠭ ᠤᠨ | ᠣᠷᠴᠢᠭᠤᠯᠭ᠎ᠠ ᠶᠢᠨ ᠲᠠᠰᠤᠭ ᠤᠨ ᠡᠷᠬᠢᠯᠡᠭᠴᠢ ᠪᠠᠶᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠡᠭᠦᠨ ᠦᠵᠦᠮᠦᠴᠢᠨ ᠬᠤᠰᠢᠭᠤᠨ ᠤ ᠳᠠᠭᠤᠳᠣᠨᠠᠭᠤᠷ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠪᠠᠷ ᠠᠵᠢᠯᠯᠠᠵᠤ ᠦᠩᠭᠡᠷᠡᠪᠡ᠃ |