ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ    ᠰᠠᠷᠠᠨᠰᠦ᠋ᠬᠡ
ᠨᠡᠶᠢᠲᠡᠯᠡᠭᠰᠡᠨ ᠴᠠᠭ᠄
2022/2/11
ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ      ᠡᠷᠬᠢᠯᠡᠭᠴᠢ ᠶᠢᠨ ᠠᠵᠢᠯ ᠢ ᠬᠠᠪᠰᠤᠷᠴᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠵᠥᠪᠯᠡᠯ ᠢ ᠬᠤᠪᠢᠳᠠᠨ ᠬᠠᠮᠢᠶᠠᠷᠴᠤ᠂ ᠬᠤᠰᠢᠭᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠲᠠᠢ ᠬᠠᠷᠢᠯᠴᠠᠨ᠎ᠠ᠃ ᠬᠠᠳᠠᠪᠴᠢ ᠪᠠᠯᠭᠠᠰᠤ᠂ ᠰᠠᠮᠠᠢ ᠰᠤᠮᠤ ᠲᠠᠢ ᠬᠠᠷᠢᠯᠴᠠᠵᠤ ᠵᠢᠭᠠᠨ ᠵᠢᠯᠣᠭᠤᠳᠤᠨ᠎ᠠ᠃ᠠᠵᠢᠯ ᠤᠨ ᠲᠣᠪᠴᠢ ᠨᠠᠮᠲᠠᠷ      ᠰᠠᠷᠠᠨᠰᠦ᠋ᠬᠡ᠂ ᠡᠷᠡᠭᠲᠡᠢ᠂ ᠮᠣᠩᠭᠤᠯ ᠦᠨᠳᠦᠰᠦᠲᠡᠨ᠂ 1969 ᠣᠨ ᠤ 1 ᠰᠠᠷ᠎ᠠ ᠳᠤ ᠳᠦᠷᠦᠵᠡᠶ᠂ ᠵᠠᠬᠢᠳᠠᠯ ᠢᠶᠠᠷ ᠰᠣᠷᠣᠯᠴᠠᠬᠤ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠶᠢᠨ ᠲᠤᠰᠢᠶᠠᠯ ᠲᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ   ᠶᠢᠨ ᠵᠠᠬᠢᠷᠤᠯ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ᠂ ᠰᠣᠶᠣᠯ ᠪᠡᠶ᠎ᠡ ᠶᠢᠨ ᠲᠠᠮᠢᠷ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠵᠥᠪᠯᠡᠯ ᠤᠨ ᠱᠦᠵᠢ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠵᠥᠪᠯᠡᠯ ᠤᠨ ᠱᠦᠵᠢ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠷ ᠪᠠᠶᠢᠵᠤ ᠦᠩᠭᠡᠷᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号