ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ | ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠪᠦᠬᠦ | ᠲᠠᠯ᠎ᠠ ᠶᠢᠨ ᠠᠵᠢᠯ ᠢ ᠡᠷᠬᠢᠯᠡᠨ᠎ᠡ︔ ᠤᠯᠤᠰ ᠲᠥᠷᠥ ᠬᠠᠤᠯᠢ ᠴᠠᠭᠠᠵᠠ᠂ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠬᠤᠰᠢᠭᠤ ᠨᠠᠮ ᠤᠨ | ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠠᠯᠪᠠᠨ ᠭᠡᠷ ᠢ ᠬᠤᠪᠢᠳᠠᠨ | ᠬᠠᠮᠢᠶᠠᠷᠤᠨ᠎ᠠ︔ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠪᠠ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠬᠠᠷᠢᠭᠤᠴᠠᠯᠭ᠎ᠠ ᠶᠢ ᠭᠦᠢᠴᠡᠳᠬᠡᠵᠦ᠂ ᠤᠯᠤᠰ ᠲᠥᠷᠥ ᠶᠢᠨ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢᠨ ᠡᠭᠦᠷᠭᠡ ᠶᠢ ᠨᠠᠶᠢᠳᠠᠪᠦᠷᠢᠵᠢᠭᠤᠯᠤᠨ᠎ᠠ ︔ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ | ᠠᠮᠢ ᠠᠬᠤᠶ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠬᠠᠷᠠᠭᠠᠯᠵᠠᠭᠰᠠᠨ | ᠬᠠᠷᠢᠭᠤᠴᠠᠯᠭ᠎ᠠ ᠶᠢ ᠡᠭᠦᠷᠭᠡᠯᠡᠨ᠎ᠡ︔ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠲᠠᠢ ᠬᠠᠷᠢᠯᠴᠠᠨ᠎ᠠ᠃ | ᠠᠵᠢᠯ ᠤᠨ ᠲᠣᠪᠴᠢ ᠨᠠᠮᠲᠠᠷ | ᠪᠦᠬᠡ᠂ ᠡᠷᠡᠭᠲᠡᠢ᠂ ᠮᠣᠩᠭᠤᠯ ᠦᠨᠳᠦᠰᠦᠲᠡᠨ᠂ 1972 ᠣᠨ ᠤ 11 ᠰᠠᠷ᠎ᠠ ᠳᠤ ᠲᠦᠷᠦᠵᠠᠢ᠂ | ᠵᠠᠬᠢᠳᠠᠯ ᠢᠶᠠᠷ ᠰᠤᠷᠬᠤ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠭᠡᠰᠢᠭᠦᠨ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ |