ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ      ᠵᠧᠦ ᠢᠦᠢ ᠯᠦᠩ
ᠨᠡᠶᠢᠲᠡᠯᠡᠭᠰᠡᠨ ᠴᠠᠭ᠄
2022/2/11
     ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ      ᠬᠤᠰᠢᠭᠤ ᠨᠠᠮ ᠤᠨ ᠬᠤᠷᠢᠶᠠᠨ ᠤ ᠱᠦᠵᠢ ᠶᠢᠨ ᠠᠵᠢᠯ ᠢ ᠬᠠᠪᠰᠤᠷᠴᠤ᠂ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠬᠢᠯᠡᠨ᠎ᠡ᠃      ᠵᠠᠰᠠᠭ ᠤᠨ ᠣᠷᠳᠣᠨ ᠤ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠬᠠᠷᠢᠭᠤᠴᠠᠯᠭ᠎ᠠ ᠶᠢ ᠭᠦᠢᠴᠡᠳᠬᠡᠵᠦ᠂ ᠤᠯᠤᠰ ᠲᠥᠷᠥ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠡᠭᠦᠷᠭᠡ ᠶᠢ ᠨᠠᠶᠢᠳᠠᠪᠤᠷᠢᠵᠢᠭᠤᠯᠤᠨ᠂ ᠵᠡᠭᠦᠨ ᠦᠵᠦᠮᠦᠴᠢᠨ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠷᠬᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠵᠡᠭᠦᠨ ᠦᠵᠦᠮᠦᠴᠢᠨ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠭᠤᠣᠯ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠰᠢᠭᠤ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ᠂ ᠬᠢᠨᠠᠨ ᠪᠤᠳᠤᠬᠤ ᠵᠥᠪᠯᠡᠯ ᠤᠨ ᠠᠯᠪᠠᠨ ᠭᠡᠷ ᠢ ᠬᠤᠪᠢᠳᠠᠨ ᠬᠠᠮᠢᠶᠠᠷᠴᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠲᠠᠢ ᠬᠠᠷᠢᠯᠴᠠᠨ᠎ᠠ᠃      ᠠᠵᠢᠯ ᠤᠨ ᠲᠣᠪᠴᠢ ᠨᠠᠮᠲᠠᠷ      ᠵᠧᠦ ᠢᠦᠢ ᠯᠦᠩ᠂ ᠡᠷᠡᠭᠲᠡᠢ᠂ ᠬᠢᠲᠠᠳ ᠦᠨᠳᠦᠰᠦᠲᠡᠨ᠂ 1982 ᠣᠨ ᠤ 11 ᠰᠠᠷ᠎ᠠ ᠳᠤ ᠲᠦᠷᠦᠵᠠᠢ᠂ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠬᠠᠮᠢᠶᠠᠷᠤᠯᠲᠠ ᠶᠢᠨ ᠤᠬᠠᠭᠠᠨ᠂ ᠤᠳᠬ᠎ᠠ ᠵᠣᠬᠢᠶᠠᠯ ᠤᠨ ᠣᠶᠤᠲᠠᠨ ᠴᠣᠯᠠ ᠲᠠᠢ᠂ ᠳᠤᠮᠳᠠᠳᠤ ᠵᠡᠷᠭᠡ ᠶᠢᠨ ᠠᠵᠤ ᠠᠬᠤᠶᠢᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠵᠤᠭᠠᠴᠠᠯ ᠤᠨ ᠲᠣᠪᠴᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠪᠠᠶᠢᠵᠠᠢ︔ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠬᠤᠷᠢᠶ᠎ᠠ ᠶᠢᠨ ᠳᠡᠳ᠋ ᠱᠦᠵᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ︔ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠬᠤᠷᠢᠶ᠎ᠠ ᠶᠢᠨ ᠱᠦᠵᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠠᠷ ᠠᠵᠢᠯᠯᠠᠵᠤ ᠦᠩᠭᠡᠷᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号