ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ      ᠰᠢᠦᠢ ᠶᠢᠩ ᠵᠢᠶᠠᠨ
ᠨᠡᠶᠢᠲᠡᠯᠡᠭᠰᠡᠨ ᠴᠠᠭ᠄
2022/2/11
ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ      ᠵᠧᠦ ᠢᠦᠢ ᠯᠦᠩ ᠨᠥᠬᠦᠷ ᠢ ᠬᠠᠪᠰᠤᠷᠴᠤ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠨ᠎ᠠ︔      ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠬᠠᠷᠢᠭᠤᠴᠠᠯᠭ᠎ᠠ ᠶᠢ ᠭᠦᠢᠴᠡᠳᠬᠡᠵᠦ᠂ ᠤᠯᠤᠰ ᠲᠥᠷᠥ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠮᠢ ᠠᠬᠤᠢ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠵᠣᠬᠢᠴᠠᠩᠭᠤᠢ ᠬᠠᠷᠢᠭᠤᠴᠠᠯᠭ᠎ᠠ ᠶᠢ ᠡᠭᠦᠷᠭᠡᠯᠡᠨ᠎ᠡ᠃ᠠᠵᠢᠯ ᠤᠨ ᠲᠣᠪᠴᠢ ᠨᠠᠮᠲᠠᠷ      ᠰᠢᠦᠢ ᠶᠢᠩ ᠵᠢᠶᠠᠨ᠂ ᠡᠷᠡᠭᠲᠡᠢ᠂ ᠬᠢᠲᠠᠳ ᠦᠨᠳᠦᠰᠦᠲᠡᠨ᠂ 1977 ᠣᠨ ᠤ 3 ᠰᠠᠷ᠎ᠠ ᠳᠤ ᠲᠦᠷᠦᠵᠠᠢ᠂ ᠥᠪᠡᠷ ᠢᠶᠠᠨ ᠰᠢᠯᠭᠠᠭᠤᠯᠬᠤ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠢᠨᠵᠧᠨᠧᠷᠢᠩ ᠤᠨ ᠮᠠᠰᠲ᠋ᠧᠷ ᠴᠤᠯᠠ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠳᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠭᠤᠣᠯᠳᠠᠯᠭᠠᠲᠣ ᠠᠯᠪᠠᠨ ᠭᠡᠷ ᠤᠨ ᠡᠨᠧᠷᠭᠢ ᠶᠢᠨ ᠰᠤᠷᠪᠤᠯᠵᠢ ᠶᠢᠨ ᠭᠠᠵᠠᠷ ᠤᠨ ᠳᠡᠳ᠋ ᠳᠠᠷᠤᠭ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠭᠤᠣᠯᠳᠠᠯᠭ᠎ᠠ ᠲᠠᠢ ᠠᠯᠪᠠᠨ ᠭᠡᠷ ᠤᠨ ᠡᠨᠧᠷᠭᠢ ᠶᠢᠨ ᠰᠤᠷᠪᠤᠯᠵᠢ ᠶᠢᠨ ᠭᠠᠵᠠᠷ ᠤᠨ ᠳᠠᠷᠤᠭ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠡᠨᠧᠷᠭᠢ ᠶᠢᠨ ᠨᠡᠭᠡᠭᠡᠯᠲᠡ ᠶᠢᠨ ᠲᠣᠪᠴᠢᠶ᠎ᠠ ᠶᠢᠨ ᠴᠠᠬᠢᠯᠭᠠᠨ ᠬᠦᠴᠦᠨ ᠪᠠ ᠰᠢᠨ᠎ᠡ ᠡᠨᠧᠷᠭᠢ ᠶᠢᠨ ᠰᠠᠯᠠᠭ᠎ᠠ ᠶᠢᠨ ᠳᠡᠳ᠋ ᠳᠠᠷᠤᠭ᠎ᠠ ︵ᠵᠢᠩᠬᠢᠨᠢ ᠰᠠᠯᠠᠭ᠎ᠠ ᠶᠢᠨ ᠲᠠᠰ︶︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠡᠨᠧᠷᠭᠢ ᠶᠢᠨ ᠨᠡᠭᠡᠭᠡᠯᠲᠡ ᠶᠢᠨ ᠲᠣᠪᠴᠢᠶ᠎ᠠ ᠶᠢᠨ ᠴᠠᠬᠢᠯᠭᠠᠨ ᠬᠦᠴᠦᠨ ᠬᠢᠭᠡᠳ ᠰᠢᠨ᠎ᠡ ᠡᠨᠧᠷᠭᠢ ᠶᠢᠨ ᠰᠠᠯᠠᠭ᠎ᠠ ᠶᠢᠨ ᠰᠠᠯᠠᠭᠠᠨ ᠳᠠᠷᠤᠭ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠹᠤᠰᠧ ᠬᠤᠰᠢᠭᠤᠨ ᠤ ᠳᠡᠳ᠋ ᠬᠤᠰᠢᠭᠤ ᠳᠠᠷᠤᠭ᠎ᠠ ᠪᠠᠷ ᠠᠵᠢᠯᠯᠠᠵᠤ ᠦᠩᠭᠡᠷᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号