ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ | ᠵᠧᠦ ᠢᠦᠢ ᠯᠦᠩ ᠨᠥᠬᠦᠷ ᠢ ᠬᠠᠪᠰᠤᠷᠤᠨ ᠬᠤᠳᠠᠯᠳᠤᠭᠠᠨ ᠤ ᠶᠠᠪᠤᠳᠠᠯ᠂ ᠬᠢᠯᠢ ᠶᠢᠨ ᠪᠣᠭᠤᠮᠲᠠ᠂ | ᠭᠠᠳᠠᠭᠠᠳᠤ ᠶᠠᠪᠤᠳᠠᠯ᠂ ᠠᠷᠠᠳ ᠤᠨ ᠶᠠᠪᠤᠳᠠᠯ᠂ ᠬᠠᠩᠭᠠᠯᠭ᠎ᠠ ᠪᠣᠷᠤᠯᠠᠭᠤᠯᠭ᠎ᠠ᠂ ᠦᠨᠳᠦᠰᠦᠲᠡᠨ ᠤ ᠶᠠᠪᠤᠳᠠᠯ ᠵᠡᠷᠭᠡ | ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠡᠭᠦᠨ ᠬᠠᠲᠠᠪᠴᠢ | ᠪᠣᠭᠤᠮᠲᠠ ᠶᠢᠨ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢᠨ ᠵᠥᠪᠯᠡᠯ᠂ ᠭᠠᠳᠠᠭᠠᠳᠤ | ᠶᠠᠪᠤᠳᠠᠯ ᠤᠨ ᠠᠯᠪᠠᠨ ᠭᠡᠷ᠂ ᠠᠷᠠᠳ ᠤᠨ ᠶᠠᠪᠤᠳᠠᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠶᠠᠪᠤᠳᠠᠯ ᠤᠨ | ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠬᠠᠩᠭᠠᠨ ᠪᠣᠷᠣᠯᠠᠭᠤᠯᠬᠤ ᠬᠤᠷᠰᠢᠶ᠎ᠠ ᠶᠢ | ᠬᠤᠪᠢᠳᠠᠨ ᠬᠠᠮᠢᠶᠠᠷᠤᠨ᠎ᠠ᠃ ᠵᠡᠭᠦᠨ ᠬᠠᠳᠠᠪᠴᠢ ᠪᠣᠭᠤᠮᠲᠠ᠂ ᠵᠡᠭᠦᠨ ᠬᠠᠳᠠᠪᠴᠢ ᠶᠢᠨ ᠬᠢᠯᠢ ᠪᠠᠷ ᠣᠷᠣᠵᠤ ᠭᠠᠷᠬᠤ | ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ | ᠲᠣᠪᠴᠢᠶ᠎ᠠ᠂ ᠰᠢᠤᠳᠠᠨ ᠤ ᠲᠣᠪᠴᠢᠶ᠎ᠠ᠂ ᠴᠢᠯᠠᠭᠤᠨ ᠲᠣᠰᠣᠨ ᠤ ᠺᠣᠮᠫᠠᠨᠢ᠂ ᠱᠠᠰᠢᠨ ᠰᠤᠷᠲᠠᠬᠤᠨ ᠤ ᠬᠡᠷᠡᠭ | ᠶᠠᠪᠤᠳᠠᠯ ᠤᠨ ᠲᠣᠪᠴᠢᠶ᠎ᠠ ᠲᠠᠢ ᠬᠠᠷᠢᠯᠴᠠᠨ᠎ᠠ᠃ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ | ᠭᠦᠢᠴᠡᠳᠬᠡᠨ᠎ᠡ᠃ | | ᠠᠵᠢᠯ ᠤᠨ ᠲᠣᠪᠴᠢ ᠨᠠᠮᠲᠠᠷ | ᠠᠯᠲᠠᠨᠪᠠᠭᠠᠨ᠎ᠠ᠂ ᠡᠷᠡᠭᠲᠡᠢ᠂ ᠮᠣᠩᠭᠤᠯ ᠦᠨᠳᠦᠰᠦᠲᠡᠨ᠂ 1980 ᠣᠨ ᠤ 12 ᠰᠠᠷ᠎ᠠ ᠳᠤ ᠲᠦᠷᠦᠵᠠᠢ᠂ | ᠥᠪᠡᠷ ᠢᠶᠠᠨ ᠰᠢᠯᠭᠠᠭᠤᠯᠬᠤ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠭᠡᠰᠢᠭᠦᠨ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤ | ᠳᠠᠷᠤᠭ᠎ᠠ ᠶᠢᠨ ᠲᠤᠰᠢᠶᠠᠯ ᠲᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠳᠡᠳ᠋ ᠡᠷᠬᠢᠯᠡᠭᠴᠢ︔ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠣᠭᠤᠶᠢᠯᠠᠩ ᠤᠨ | ᠬᠡᠰᠢᠭᠦᠨ᠂ ᠠᠯᠪᠠᠨ ᠭᠡᠷ ᠤᠨ ᠡᠷᠬᠢᠯᠡᠭᠴᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ | ᠬᠥᠬᠡ ᠬᠤᠰᠢᠭᠤᠨ ᠤ ᠨᠠᠷᠠᠳᠤ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠪᠠᠷ ᠠᠵᠢᠯᠯᠠᠵᠤ ᠦᠩᠭᠡᠷᠡᠪᠡ᠃ |