ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ      ᠰᠡᠴᠡᠨ
ᠨᠡᠶᠢᠲᠡᠯᠡᠭᠰᠡᠨ ᠴᠠᠭ᠄
2022/2/14
ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ      ᠵᠧᠦ ᠢᠦᠢ ᠯᠦᠩ ᠨᠥᠬᠦᠷ ᠢ ᠬᠠᠮᠵᠢᠨ ᠲᠠᠷᠢᠶᠠᠯᠠᠩ ᠮᠠᠯ ᠠᠵᠤ ᠠᠬᠤᠢ ᠤᠢ ᠰᠢᠭᠤᠢ᠂ ᠨᠤᠲᠤᠭ ᠪᠡᠯᠴᠢᠭᠡᠷ ᠤᠨ ᠠᠮᠢ ᠠᠬᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠮ ᠬᠠᠷᠢᠯᠴᠠᠭ᠎ᠠ ᠲᠡᠭᠡᠭᠡᠪᠦᠷᠢ ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠬᠤᠶᠠᠷ ᠢ ᠬᠦᠷᠢᠶᠡᠯᠡᠨ ᠬᠠᠷᠠᠭᠠᠯᠵᠠᠬᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠴᠡᠷᠢᠭ ᠠᠩᠭᠢ ᠪᠠ ᠣᠷᠣᠨ ᠨᠤᠲᠤᠭ ᠢ ᠵᠣᠬᠢᠴᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠤᠰᠤᠨ ᠠᠰᠢᠭᠯᠠᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ 32106 ᠴᠡᠷᠢᠭ ᠠᠩᠭᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠢᠶᠠᠨ ᠽᠧ ᠤᠰᠤ ᠬᠠᠩᠭᠠᠬᠤ ᠬᠢᠵᠠᠭᠠᠷᠲᠤ ᠺᠣᠮᠫᠠᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠠᠢ ᠬᠠᠷᠢᠯᠴᠠᠨ᠎ᠠ᠃ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ᠠᠵᠢᠯ ᠤᠨ ᠲᠣᠪᠴᠢ ᠨᠠᠮᠲᠠᠷ      ᠰᠡᠴᠡᠨ᠂ ᠡᠷᠡᠭᠲᠡᠢ᠂ ᠮᠣᠩᠭᠤᠯ ᠦᠨᠳᠦᠰᠦᠲᠡᠨ᠂ 1978 ᠣᠨ ᠤ 11 ᠰᠠᠷ᠎ᠠ ᠳᠤ ᠲᠦᠷᠦᠵᠠᠢ᠂ ᠵᠠᠬᠢᠳᠠᠯ ᠢᠶᠠᠷ ᠰᠣᠷᠣᠯᠴᠠᠬᠤ ᠶᠡᠭᠡ ᠰᠣᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠲᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠳᠠᠭᠤᠳᠤᠨᠠᠭᠤᠷ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂᡽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠬᠠᠲᠠᠪᠴᠢ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠬᠠᠳᠠᠪᠴᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠡᠵᠢᠨᠠᠭᠤᠷ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠠᠯᠲᠠᠨᠬᠢᠯᠢ ᠰᠤᠮᠤ ᠶᠢᠨ ᠨᠠᠮ ᠤᠨ ᠬᠤᠷᠢᠶ᠎ᠠ ᠶᠢᠨ ᠱᠦᠵᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠷ ᠠᠵᠢᠯᠯᠠᠵᠤ ᠦᠩᠭᠡᠷᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号