ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ      ᠴᠠᠩ ᠵᠧᠩ
ᠨᠡᠶᠢᠲᠡᠯᠡᠭᠰᠡᠨ ᠴᠠᠭ᠄
2022/2/14
ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ      ᠵᠧᠦ ᠢᠦᠢ ᠯᠦᠩ ᠨᠥᠬᠦᠷ ᠢ ᠬᠠᠮᠵᠢᠨ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠪᠠᠶᠢᠭᠠᠯᠢ ᠶᠢᠨ ᠡᠬᠢ ᠪᠠᠶᠠᠯᠢᠭ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠵᠤ ᠬᠠᠮᠢᠶᠠᠷᠬᠤ ᠵᠥᠪᠯᠡᠯ︶᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠵᠤ ᠬᠠᠮᠢᠶᠠᠷᠬᠤ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃      ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠵᠡᠭᠦᠨ ᠦᠵᠦᠮᠦᠴᠢᠨ ᠬᠤᠰᠢᠭᠤᠨ ᠤ ᠰᠠᠯᠪᠤᠷᠢ ᠪᠠᠩᠬᠢ ᠵᠢᠴᠢ ᠪᠤᠰᠤᠳ ᠪᠠᠩᠬᠢ ᠪᠣᠯᠣᠨ ᠮᠥᠩᠭᠦᠨ ᠭᠦᠢᠯᠭᠡᠭᠡᠨ ᠤ ᠳᠠᠭᠠᠳᠬᠠᠯ ᠤᠨ ᠪᠠᠶᠢᠭᠤᠯᠤᠮᠵᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠲᠠᠢ ᠬᠠᠷᠢᠯᠴᠠᠨ᠎ᠠ᠃      ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ᠠᠵᠢᠯ ᠤᠨ ᠲᠣᠪᠴᠢ ᠨᠠᠮᠲᠠᠷ      ᠴᠠᠩ ᠵᠧᠩ᠂ ᠡᠷᠡᠭᠲᠡᠢ᠂ ᠬᠢᠲᠠᠳ ᠦᠨᠳᠦᠰᠦᠲᠡᠨ᠂ 1972 ᠣᠨ ᠤ 8 ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号