ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ      ᠠᠯᠲᠠᠨᠪᠠᠭᠠᠨ᠎ᠠ
ᠨᠡᠶᠢᠲᠡᠯᠡᠭᠰᠡᠨ ᠴᠠᠭ᠄
2022/2/14
ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ      ᠵᠧᠦ ᠢᠦᠢ ᠯᠦᠩ ᠨᠥᠬᠦᠷ ᠢ ᠬᠠᠪᠰᠤᠷᠤᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠰᠤᠶᠤᠯ᠂ ᠪᠡᠶ᠎ᠡ ᠲᠠᠮᠢᠷ᠂ ᠵᠢᠭᠤᠯᠴᠢᠯᠠᠯ᠂ ᠬᠤᠳᠠᠯᠳᠤᠭᠠᠨ ᠤ ᠶᠠᠪᠤᠳᠠᠯ᠂ ᠠᠷᠠᠳ ᠤᠨ ᠶᠠᠪᠤᠳᠠᠯ᠂ ᠲᠣᠮᠤ ᠳ᠋ᠡᠶᠢᠲ᠋ᠠ᠂ ᠷᠠᠳᠢᠤ᠋ ᠲᠧᠯᠸᠢᠰ᠂ ᠤᠲᠠᠰᠤ ᠦᠭᠡᠢ ᠲᠧᠯᠸᠢᠰ ᠤᠨ ᠬᠠᠮᠢᠶᠠᠷᠤᠯᠲᠠ᠂ ᠬᠠᠩᠭᠠᠨ ᠪᠤᠷᠤᠯᠠᠭᠤᠯᠬᠤ᠂ ᠪᠠᠶᠢᠭᠤᠯᠭ᠎ᠠ ᠶᠢᠨ ᠶᠠᠪᠤᠳᠠᠯ᠂ ᠦᠨᠳᠦᠰᠦᠲᠡᠨ ᠤ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠤᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠵᠠᠰᠠᠭ ᠤᠨ ᠤᠷᠳᠤᠨ ᠤ ᠠᠯᠪᠠᠨ ᠭᠡᠷ ︵ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠲᠥᠪ︶᠂  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂  ᠰᠤᠶᠤᠯ ᠪᠡᠶ᠎ᠡ ᠲᠠᠮᠢᠷ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ ︵ᠲᠡᠤᠬᠡ ᠶᠢᠨ ᠲᠤᠷᠠᠰᠬᠠᠯᠲᠤ ᠵᠦᠢᠯᠡᠰ ᠬᠠᠮᠠᠭᠠᠯᠠᠬᠤ ᠲᠤᠪᠴᠢᠶ᠎ᠠ︶᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠠᠮᠲᠤᠷᠠᠨ ᠰᠤᠯᠢᠯᠴᠠᠬᠤ ᠲᠥᠪ᠂ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠬᠠᠩᠭᠠᠨ ᠪᠣᠷᠣᠯᠠᠭᠤᠯᠬᠤ ᠬᠤᠷᠰᠢᠶ᠎ᠠ ᠶᠢ ᠬᠤᠪᠢᠳᠠᠨ ᠬᠠᠮᠢᠶᠠᠷᠤᠨ᠎ᠠ᠃     ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ᠂ ᠰᠢᠤᠳᠠᠨ ᠤ ᠲᠣᠪᠴᠢᠶ᠎ᠠ᠂ ᠴᠢᠯᠠᠭᠤᠨ ᠲᠣᠰᠣᠨ ᠤ ᠺᠣᠮᠫᠠᠨᠢ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ᠂ ᠷᠠᠳᠢᠤ᠋ ᠲᠧᠯᠸᠢᠰ ᠰᠦᠯᠵᠢᠶ᠎ᠡ ᠶᠢᠨ ᠺᠤᠮᠫᠠᠨᠢ ᠲᠠᠢ ᠬᠠᠷᠢᠯᠴᠠᠨ᠎ᠠ᠃      ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ᠠᠵᠢᠯ ᠤᠨ ᠲᠣᠪᠴᠢ ᠨᠠᠮᠲᠠᠷ      ᠠᠯᠲᠠᠨᠪᠠᠭᠠᠨ᠎ᠠ᠂ ᠡᠷᠡᠭᠲᠡᠢ᠂ ᠮᠣᠩᠭᠤᠯ ᠦᠨᠳᠦᠰᠦᠲᠡᠨ᠂ 1980 ᠣᠨ ᠤ 12 ᠰᠠᠷ᠎ᠠ ᠳᠤ ᠲᠦᠷᠦᠵᠠᠢ᠂ ᠥᠪᠡᠷ ᠢᠶᠠᠨ ᠰᠢᠯᠭᠠᠭᠤᠯᠬᠤ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号