︽ᠵᠡᠭᠦᠨ ᠦᠵᠦᠮᠦᠴᠢᠨ ᠬᠤᠰᠢᠭᠤᠨ ᠤ 2022 ᠣᠨ ᠤ ᠨᠡᠶᠢᠭᠡᠮ ᠤᠨ ᠠᠪᠤᠷᠠᠨ ᠲᠤᠰᠠᠯᠠᠬᠤ ᠨᠢᠭᠤᠷᠯᠠᠯ ᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠦᠢᠯᠡᠴᠢᠯᠡᠭᠡ ᠶᠢ ᠬᠤᠳᠠᠯᠳᠤᠨ ᠠᠪᠬᠤ ᠠᠵᠢᠯ ᠤᠨ ᠬᠡᠷᠡᠭᠵᠢᠭᠦᠯᠬᠦ ᠲᠥᠰᠥᠯ》 ᠢ ᠳᠠᠷᠤᠮᠠᠯᠯᠠᠨ ᠲᠠᠷᠬᠠᠭᠠᠬᠤ ᠲᠤᠬᠠᠢ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/2/17
        ᠵᠡᠭᠦᠨ ᠵᠠᠰᠠᠭ ᠠᠯᠪᠠᠨ ᠦᠰᠦᠭ〔2022〕1 ᠲᠤᠭᠠᠲᠤ︽ᠵᠡᠭᠦᠨ ᠦᠵᠦᠮᠦᠴᠢᠨ ᠬᠤᠰᠢᠭᠤᠨ ᠤ 2022 ᠣᠨ ᠤ ᠨᠡᠶᠢᠭᠡᠮ ᠤᠨ ᠠᠪᠤᠷᠠᠨ ᠲᠤᠰᠠᠯᠠᠬᠤ ᠨᠢᠭᠤᠷᠯᠠᠯ ᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠦᠢᠯᠡᠴᠢᠯᠡᠭᠡ ᠶᠢ ᠬᠤᠳᠠᠯᠳᠤᠨ ᠠᠪᠬᠤ ᠠᠵᠢᠯ ᠤᠨ ᠬᠡᠷᠡᠭᠵᠢᠭᠦᠯᠬᠦ ᠲᠥᠰᠥᠯ》 ᠢ ᠳᠠᠷᠤᠮᠠᠯᠯᠠᠨ ᠲᠠᠷᠬᠠᠭᠠᠬᠤ ᠲᠤᠬᠠᠢ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠬᠠᠷᠢᠶ᠎ᠠ ᠬᠠᠮᠢᠶ᠎ᠠ ᠪᠦᠬᠦᠢ ᠨᠢᠭᠡᠴᠡ ᠳᠤ᠄      ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠪᠤᠷᠠᠨ ᠲᠤᠰᠠᠯᠠᠬᠤ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂  ᠬᠠᠷᠭᠤᠭᠤᠯᠬᠤ ᠠᠵᠢᠯ ᠤᠨ ᠪᠤᠰᠤᠳᠴᠢ᠂ ᠣᠨᠣᠪᠴᠢᠲᠠᠶ᠂ ᠥᠨᠳᠥᠷ ᠪᠦᠲᠦᠮᠵᠢᠲᠡᠶ ᠪᠠᠶᠢᠬᠤ ᠶᠢ ᠪᠠᠳᠣᠯᠠᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠵᠡᠷᠭᠡ ᠳᠥᠷᠪᠡᠨ ᠰᠠᠯᠠᠭ᠎ᠠ ᠮᠦᠴᠢᠷ ᠤᠨ《ᠵᠠᠰᠠᠭ ᠤᠨ ᠣᠷᠳᠣᠨ ᠠᠴᠠ ᠦᠢᠯᠡᠴᠢᠯᠡᠭᠡ ᠶᠢ ᠬᠤᠳᠠᠯᠳᠤᠨ ᠠᠪᠬᠤ ᠶᠢ ᠢᠳᠡᠪᠬᠢᠲᠡᠢ ᠬᠡᠷᠡᠭᠵᠢᠭᠦᠯᠵᠦ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠶᠢ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ﹇2017﹈ 87 ᠲᠣᠭᠠᠲᠤ︶ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ︽ᠵᠠᠰᠠᠭ ᠤᠨ ᠣᠷᠳᠣᠨ ᠠᠴᠠ ᠦᠢᠯᠡᠴᠢᠯᠡᠭᠡ ᠶᠢ ᠬᠤᠳᠠᠯᠳᠤᠨ ᠠᠪᠴᠤ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ  ᠶᠢ ᠭᠠᠷᠲᠠᠨ ᠭᠦᠢᠴᠡᠳᠬᠡᠬᠦ ᠴᠢᠳᠠᠪᠤᠷᠢ ᠶᠢ ᠴᠢᠩᠭᠠᠳᠬᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠮᠡᠳᠡᠭᠳᠡᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ﹇2019﹈ 103 ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠤ᠂ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃      ᠨᠢᠭᠡ᠂ ᠬᠠᠷᠠᠯᠲᠠ ᠡᠭᠦᠷᠭᠡ      ᠵᠠᠰᠠᠭ ᠤᠨ ᠣᠷᠳᠣᠨ ᠠᠴᠠ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠬᠤᠳᠠᠯᠳᠤᠨ ᠠᠪᠬᠤ ᠪᠠᠷ ᠳᠡᠮᠵᠢᠨ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ  ᠠᠮᠢᠳᠣᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠂ ᠲᠦᠷ ᠴᠠᠭ ᠠᠪᠤᠷᠠᠨ ᠲᠤᠰᠠᠯᠠᠬᠤ ᠵᠡᠷᠭᠡ ᠨᠢᠭᠤᠷᠯᠠᠯ ᠢ ᠪᠠᠶᠢᠴᠠᠭᠠᠬᠤ᠂ ᠳᠠᠬᠢᠨ ᠬᠠᠷᠭᠤᠭᠤᠯᠬᠤ ᠶᠢ ᠨᠡᠶᠢᠭᠡᠮ ᠤᠨ ᠬᠦᠴᠦᠨ ᠳᠤ ᠳᠠᠭᠠᠭᠠᠴᠢᠯᠠᠭᠤᠯᠵᠣ᠂ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠠᠵᠢᠯᠲᠠᠨ ᠬᠦᠷᠦᠯᠴᠡᠬᠦ ᠦᠭᠡᠢ ᠠᠰᠠᠭᠤᠳᠠᠯ ᠢ ᠰᠢᠢᠳᠪᠦᠷᠢᠯᠡᠨ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠶᠢ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃      ᠬᠤᠶᠠᠷ᠂ ᠬᠤᠳᠠᠯᠳᠤᠨ ᠠᠪᠬᠤ ᠭᠤᠣᠯ ᠴᠣᠭᠴᠠ᠂ ᠳᠠᠭᠠᠭᠠᠴᠢᠯᠠᠨ ᠠᠪᠬᠤ ᠭᠤᠣᠯ ᠴᠣᠭᠴᠠ ᠵᠢᠴᠢ ᠳᠠᠭᠠᠭᠠᠴᠢᠯᠠᠨ ᠠᠪᠬᠤ ᠨᠥᠬᠦᠴᠡᠯ      ︵ᠨᠢᠭᠡ︶ ᠬᠤᠳᠠᠯᠳᠤᠨ ᠠᠪᠬᠤ ᠭᠤᠣᠯ ᠴᠣᠭᠴᠠ᠄ ᠬᠤᠰᠢᠭᠤ ᠵᠠᠰᠠᠭ ᠤᠨ ᠣᠷᠳᠣᠨ ᠪᠣᠯ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠬᠤᠳᠠᠯᠳᠤᠨ ᠠᠪᠬᠤ ᠭᠤᠣᠯ ᠴᠣᠭᠴᠠ ᠪᠠᠶᠢᠵᠤ᠂  ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ   ᠠᠴᠠ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ᠃      ︵ᠬᠤᠶᠠᠷ︶ ᠳᠠᠭᠠᠭᠠᠴᠢᠯᠠᠨ ᠠᠪᠬᠤ ᠭᠤᠣᠯ ᠴᠣᠭᠴᠠ᠄ ᠵᠠᠰᠠᠭ ᠤᠨ ᠣᠷᠳᠣᠨ ᠠᠴᠠ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠬᠤᠳᠠᠯᠳᠤᠨ ᠠᠪᠬᠤ ᠶᠢ ᠲᠠᠭᠠᠭᠠᠴᠢᠯᠠᠨ ᠠᠪᠬᠤ ᠭᠤᠣᠯ ᠴᠣᠭᠴᠠ ᠭᠡᠳᠡᠭ ᠨᠢ ︽ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠶᠢ ᠢᠳᠡᠪᠬᠢᠲᠡᠢ ᠬᠡᠷᠡᠭᠵᠢᠭᠦᠯᠵᠦ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠶᠢ ᠭᠠᠷᠳᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ︵ᠰᠢᠯᠢ ᠠᠷᠠᠳ ᠶᠠᠪᠤᠳᠠᠯ ᠲᠠᠷᠬᠠᠭᠠᠭᠰᠠᠨ 〔2018〕43 ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠵᠣ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠡᠩᠰᠡᠯᠡᠨ ᠪᠠᠶᠢᠭᠤᠯᠤᠭᠰᠠᠨ ᠪᠤᠶᠤ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠭᠦᠯᠦᠭᠰᠡᠨ ᠳᠡᠩᠰᠡᠯᠡᠨ ᠲᠡᠮᠳᠡᠭᠯᠡᠬᠦ ᠴᠢᠬᠤᠯᠠ ᠦᠭᠡᠢ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠢᠯ ᠦᠢᠯᠡᠰ ᠤᠨ ᠨᠢᠭᠡᠴᠡ ᠶᠢᠨ ᠲᠥᠷᠥᠯ ᠬᠤᠪᠢᠶᠠᠭᠰᠠᠨ ᠦᠭᠡᠷᠡᠴᠢᠯᠡᠯᠲᠡ ᠳᠤ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠲᠥᠷᠥᠯ ᠳᠤ ᠬᠤᠪᠢᠶᠠᠷᠢᠯᠠᠨ ᠣᠷᠣᠭᠤᠯᠬᠤ ᠶᠣᠰᠣᠲᠠᠢ ᠠᠵᠢᠯ ᠦᠢᠯᠡᠰ ᠤᠨ ᠨᠢᠭᠡᠴᠡ ᠶᠢᠨ ᠬᠠᠤᠯᠢ ᠶᠢᠨ ᠡᠷᠬᠡᠲᠡᠨ᠂ ᠬᠠᠤᠯᠢ ᠶᠣᠰᠣᠭᠠᠷ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠪᠤᠶᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠡᠩᠰᠡᠯᠡᠨ ᠪᠠᠶᠢᠭᠤᠯᠤᠭᠰᠠᠨ ᠠᠵᠤ ᠠᠬᠤᠶᠢᠯᠠᠯ᠂ ᠪᠠᠶᠢᠭᠤᠯᠤᠮᠵᠢ ᠵᠡᠷᠭᠡ ᠨᠡᠶᠢᠭᠡᠮ ᠤᠨ ᠬᠦᠴᠦᠨ ᠢ ᠵᠢᠭᠠᠨ᠎ᠠ᠃      ︵ᠭᠤᠷᠪᠠ︶  ᠳᠠᠭᠠᠭᠠᠴᠢᠯᠠᠨ ᠠᠪᠬᠤ ᠨᠥᠬᠦᠴᠡᠯ᠄      ⒈ ᠬᠠᠤᠯᠢ ᠶᠣᠰᠣᠭᠠᠷ ᠪᠠᠶᠢᠭᠤᠯᠤᠭᠳᠠᠭᠰᠠᠨ᠂ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ ᠬᠡᠷᠡᠭᠲᠠᠢ︔      ⒉ ᠬᠠᠤᠯᠢ ᠪᠠᠷ ᠵᠠᠰᠠᠬᠤ ᠪᠦᠲᠦᠴᠡ ᠪᠦᠷᠢᠨ ᠳᠡᠬᠦᠯᠳᠡᠷ᠂ ᠳᠣᠲᠣᠭᠠᠳᠤ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠳᠦᠷᠢᠮ ᠪᠦᠷᠢᠨ ᠳᠡᠬᠦᠯᠳᠡᠷ ᠪᠠᠶᠢᠬᠤ ᠬᠡᠷᠡᠭᠲᠠᠢ︔      ⒊ ᠪᠡᠶ᠎ᠡ ᠪᠠᠨ ᠳᠠᠭᠠᠭᠠᠭᠰᠠᠨ᠂ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠬᠠᠮᠢᠶᠠᠷᠤᠯᠲᠠ᠂ ᠨᠢᠭᠲᠠᠯᠠᠨ ᠪᠤᠳᠦᠬᠤ ᠪᠠ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ  ᠳᠦᠷᠢᠮ ᠲᠠᠢ ᠪᠠᠶᠢᠬᠤ ᠬᠡᠷᠡᠭᠲᠠᠢ︔      ⒋ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠬᠤ ᠳᠤ ᠵᠠᠪᠠᠯ ᠱᠠᠭᠠᠷᠳᠠᠭᠳᠠᠬᠤ ᠲᠥᠬᠦᠭᠡᠷᠦᠮᠵᠢ ᠂ ᠠᠵᠢᠯᠲᠠᠨ ᠪᠠ ᠲᠤᠰᠬᠠᠢ ᠮᠡᠷᠭᠡᠵᠢᠯ ᠤᠨ ᠴᠢᠳᠠᠪᠤᠷᠢ ᠲᠠᠢ ᠪᠠᠶᠢᠬᠤ ᠭᠡᠷᠡᠭᠲᠠᠢ︔      ⒌ ᠭᠠᠶᠢᠯᠢ ᠲᠠᠲᠠᠪᠤᠷᠢ ᠪᠠ ᠨᠡᠶᠢᠭᠡᠮ ᠤᠨ ᠳᠠᠭᠠᠳᠬᠠᠯ ᠢ ᠬᠠᠤᠯᠢ ᠶᠣᠰᠣᠭᠠᠷ ᠲᠤᠰᠢᠶᠠᠵᠤ᠂ ᠭᠤᠷᠪᠠᠨ ᠵᠢᠯ ᠤᠨ ᠳᠣᠲᠣᠷ᠎ᠠ ᠬᠠᠤᠯᠢ ᠠᠴᠠ ᠵᠥᠷᠢᠴᠡᠭᠰᠡᠨ ᠪᠠᠶᠢᠳᠠᠯ ᠣᠷᠣᠰᠢᠬᠤ ᠦᠭᠡᠢ᠂ ᠣᠨ ᠤ ᠪᠠᠶᠢᠴᠠᠭᠠᠯᠲᠠ ᠳᠤ ᠬᠢᠷᠢ ᠳᠡᠩᠴᠡᠭᠰᠡᠨ ᠪᠤᠶᠤ ᠱᠠᠭᠠᠷᠳᠠᠯᠭ᠎ᠠ ᠶᠣᠰᠣᠭᠠᠷ ᠣᠨ ᠤ ᠮᠡᠳᠡᠭᠦᠯᠦᠯᠲᠡ ᠶᠢ ᠢᠯᠡ ᠨᠡᠶᠢᠲᠡᠯᠡᠬᠦ ᠡᠭᠦᠷᠭᠡ ᠪᠠᠨ ᠭᠦᠢᠴᠡᠳᠬᠡᠵᠦ᠂ ᠢᠲᠡᠭᠡᠮᠵᠢ ᠶᠢᠨ ᠪᠠᠶᠢᠳᠠᠯ ᠨᠢ ᠰᠠᠶᠢᠨ ᠪᠠᠶᠢᠵᠤ᠂ ᠡᠵᠡᠩᠨᠡᠯᠲᠡ ᠨᠢ ᠬᠡᠪ ᠤᠨ ᠪᠤᠰᠤ ᠨᠡᠷᠡᠰ ᠤᠨ ᠵᠢᠭᠰᠠᠭᠠᠯᠲᠠ ᠪᠤᠶᠤ ᠬᠦᠨᠳᠦ ᠨᠣᠴᠢᠲᠠᠢ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ ᠤᠨ ᠨᠡᠷᠡᠰ ᠲᠤ ᠵᠢᠭᠰᠠᠭᠠᠭᠳᠠᠭᠰᠠᠨ ᠦᠭᠡᠢ ᠪᠠᠶᠢᠬᠤ ᠬᠡᠷᠡᠭᠲᠠᠢ᠃      ⒍ ᠣᠯᠣᠰ ᠤᠨ ᠵᠠᠰᠠᠭ ᠪᠠ ᠠᠵᠢᠯ ᠦᠢᠯᠡᠰ ᠢ ᠰᠠᠯᠭᠠᠬᠤ᠂ ᠵᠠᠰᠠᠭ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠰᠠᠯᠭᠠᠬᠤ᠂ ᠵᠠᠰᠠᠭ ᠪᠠ ᠠᠵᠤ ᠠᠬᠤᠶᠢᠯᠠᠯ ᠢ ᠰᠠᠯᠭᠠᠬᠤ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃      ᠭᠤᠷᠪᠠ᠂ ᠦᠢᠯᠡᠴᠢᠯᠡᠭᠡ ᠶᠢ ᠬᠤᠳᠠᠯᠳᠤᠨ ᠠᠪᠬᠤ ᠠᠭᠤᠯᠭ᠎ᠠ ᠵᠢᠴᠢ ᠪᠠᠷᠢᠮᠵᠢᠶ᠎ᠠ      ︵ᠨᠢᠭᠡ︶ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠠᠮᠠᠷᠬᠠᠨ ᠣᠷᠣᠵᠣ ᠮᠡᠳᠡᠬᠦ ᠭᠡᠷ ᠪᠦᠯᠢ᠂ ᠲᠦᠷ ᠴᠠᠭ ᠤᠨ ᠠᠪᠤᠷᠠᠨ ᠲᠤᠰᠠᠯᠠᠯᠲᠠ ᠶᠢ ᠰᠢᠨ᠎ᠡ ᠪᠠᠷ ᠭᠤᠶᠣᠴᠢᠯᠠᠭᠰᠠᠨ︔ ᠰᠢᠨ᠎ᠡ ᠪᠠᠷ ᠨᠡᠮᠡᠭᠳᠡᠭᠰᠡᠨ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠨᠡᠶᠢᠭᠡᠮ ᠤᠨ ᠠᠪᠣᠷᠠᠨ ᠲᠤᠰᠠᠯᠠᠬᠤ ᠨᠢᠭᠤᠷᠯᠠᠯ ᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠦᠢᠯᠡᠴᠢᠯᠡᠭᠡ ᠶᠢ ᠬᠤᠳᠠᠯᠳᠤᠨ ᠠᠪᠬᠤ ᠳᠤ ᠬᠤᠲᠠ ᠪᠠᠯᠭᠠᠰᠤ ᠶᠢᠨ ᠡᠷᠦᠬᠡ ᠪᠦᠷᠢ 100 ᠲᠥᠭᠦᠷᠢᠭ᠂ ᠮᠠᠯᠵᠢᠬᠤ ᠡᠷᠦᠬᠡ ᠪᠦᠷᠢ 200 ᠲᠥᠭᠦᠷᠢᠭ ᠤᠨ ᠪᠠᠷᠢᠮᠵᠢᠶ᠎ᠠ ᠪᠠᠷ ᠬᠡᠷᠡᠭᠵᠢᠭᠦᠯᠦᠨ᠎ᠡ᠃      ︵ᠬᠤᠶᠠᠷ︶ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠬᠦᠷᠳᠡᠵᠣ ᠪᠠᠶᠢᠭ᠎ᠠ ᠡᠷᠦᠬᠡ᠂ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠠᠮᠠᠷᠬᠠᠨ ᠣᠷᠣᠵᠣ ᠮᠡᠳᠡᠬᠦ ᠭᠡᠷ ᠪᠦᠯᠢ᠂ ᠨᠢᠭᠡᠨᠲᠡ ᠳᠠᠩᠰᠠᠯᠠᠭᠤᠯᠤᠭᠰᠠᠨ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠨᠡᠶᠢᠭᠡᠮ ᠤᠨ ᠠᠪᠣᠷᠠᠨ ᠲᠤᠰᠠᠯᠠᠬᠤ ᠨᠢᠭᠤᠷᠯᠠᠯ ᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠠᠷᠭᠤᠭᠤᠯᠵᠤ ᠦᠢᠯᠡᠴᠢᠯᠡᠭᠡ  ᠶᠢ ᠬᠤᠳᠠᠯᠳᠤᠨ ᠠᠪᠬᠤ ᠳᠤ ᠬᠤᠲᠠ ᠪᠠᠯᠭᠠᠰᠤ ᠶᠢᠨ ᠡᠷᠦᠬᠡ ᠪᠦᠷᠢ 100 ᠲᠥᠭᠦᠷᠢᠭ᠂ ᠮᠠᠯᠵᠢᠬᠤ ᠡᠷᠦᠬᠡ ᠪᠦᠷᠢ 200 ᠲᠥᠭᠦᠷᠢᠭ ᠤᠨ ᠪᠠᠷᠢᠮᠵᠢᠶ᠎ᠠ ᠪᠠᠷ ᠬᠡᠷᠡᠭᠵᠢᠭᠦᠯᠦᠨ᠎ᠡ᠃      ︵ᠭᠤᠷᠪᠠ︶ ᠨᠡᠶᠢᠭᠡᠮ ᠤᠨ ᠠᠪᠣᠷᠠᠨ ᠲᠤᠰᠠᠯᠠᠬᠤ ᠨᠢᠭᠤᠷᠯᠠᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠬᠢᠨ ᠬᠠᠷᠭᠤᠭᠤᠯᠬᠤ ᠳᠤ ᠬᠤᠲᠠ ᠪᠠᠯᠭᠠᠰᠤ ᠶᠢᠨ ᠡᠷᠦᠬᠡ ᠪᠦᠷᠢ 100 ᠲᠥᠭᠦᠷᠢᠭ᠂ ᠮᠠᠯᠵᠢᠬᠤ ᠡᠷᠦᠬᠡ ᠪᠦᠷᠢ 200 ᠲᠥᠭᠦᠷᠢᠭ ᠤᠨ ᠪᠠᠷᠢᠮᠵᠢᠶ᠎ᠠ ᠪᠠᠷ ᠬᠡᠷᠡᠭᠵᠢᠭᠦᠯᠦᠨ᠎ᠡ᠃      ︵ᠳᠥᠷᠪᠡ︶ ᠨᠡᠶᠢᠭᠡᠮ ᠤᠨ ᠠᠪᠣᠷᠠᠨ ᠲᠣᠰᠠᠯᠠᠬᠤ ᠨᠢᠭᠤᠷᠯᠠᠯ ᠢ ᠣᠨᠳᠣᠤ ᠭᠠᠵᠠᠷ ᠲᠤ ᠬᠠᠷᠭᠤᠭᠤᠯᠤᠨ ᠪᠠᠶᠢᠴᠠᠭᠠᠬᠤ ᠳᠤ ᠬᠤᠲᠠ ᠪᠠᠯᠭᠠᠰᠣᠨ ᠤ ᠬᠡᠷ ᠪᠦᠯᠢ ᠡᠷᠦᠬᠡ ᠪᠦᠷᠢ 60 ᠲᠥᠭᠦᠷᠢᠭ᠂ ᠮᠠᠯᠵᠢᠬᠤ ᠣᠷᠣᠨ ᠤ ᠬᠡᠷ ᠪᠦᠯᠢ ᠡᠷᠦᠬᠡ ᠪᠦᠷᠢ 120 ᠲᠥᠭᠦᠷᠢᠭ ᠤᠨ ᠪᠠᠷᠢᠮᠵᠢᠶ᠎ᠠ ᠪᠠᠷ ᠬᠡᠷᠡᠭᠵᠢᠭᠦᠯᠦᠨ᠎ᠡ᠃      ︵ᠲᠠᠪᠤ︶ ᠨᠡᠶᠢᠭᠡᠮ ᠤᠨ ᠠᠪᠣᠷᠠᠨ ᠲᠤᠰᠠᠯᠠᠬᠤ ᠨᠢᠭᠤᠷᠯᠠᠯ ᠤᠨ ᠬᠢᠮᠳᠠ ᠳᠦᠷᠢᠶᠡᠰᠣᠨ ᠣᠷᠣᠨ ᠰᠠᠭᠤᠴᠠ᠂ ᠭᠡᠷ ᠳᠦᠷᠢᠶᠡᠰᠣᠯᠠᠬᠦ ᠨᠥᠬᠦᠪᠥᠷᠢ ᠶᠢ ᠬᠠᠷᠭᠤᠭᠤᠯᠤᠨ ᠪᠠᠶᠢᠴᠠᠭᠠᠵᠤ᠂ ︽ᠭᠤᠷᠪᠠᠨ ᠵᠦᠢᠯ ᠤᠨ ᠬᠦᠮᠦᠰ︾᠂ ᠨᠣᠳᠤᠭ  ᠲᠠᠭᠠᠨ ᠬᠤᠴᠣᠷᠤᠭᠰᠠᠨ ᠬᠡᠤᠬᠡᠳ᠂ ᠨᠣᠳᠤᠭ ᠲᠠᠭᠠᠨ ᠬᠤᠴᠣᠷᠤᠭᠰᠠᠨ ᠨᠠᠰᠤᠲᠠᠨ ︵ᠦᠷ᠎ᠡ ᠬᠡᠣᠬᠡᠳ ᠦᠭᠡᠢ ᠨᠠᠰᠤᠲᠠᠨ ᠪᠠᠭᠲᠠᠨ᠎ᠠ︶᠂ ᠦᠨᠳᠣᠷ ᠨᠠᠰᠣᠳᠠᠶᠢᠴᠣᠳ ᠤᠨ ᠨᠦᠬᠦᠪᠦᠷᠢ ᠶᠢ ᠬᠠᠷᠭᠤᠭᠤᠯᠤᠨ ᠪᠠᠶᠢᠴᠠᠭᠠᠬᠤ ᠳᠤ ᠡᠷᠦᠬᠡ ᠪᠦᠷᠢ 60 ᠲᠥᠭᠦᠷᠢᠭ ᠤᠨ ᠪᠠᠷᠢᠮᠵᠢᠶ᠎ᠠ ᠪᠠᠷ ᠬᠡᠷᠡᠭᠵᠢᠭᠦᠯᠦᠨ᠎ᠡ᠃      ᠳᠥᠷᠪᠡ᠂ ᠬᠤᠳᠠᠯᠳᠤᠨ ᠠᠪᠬᠤ ᠠᠷᠭ᠎ᠠ ᠮᠠᠶ᠋ᠢᠭ      ᠮᠠᠨ ᠤ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠨᠢᠭᠤᠷᠯᠠᠯ ᠤᠨ ᠪᠣᠳᠠᠳᠣ ᠬᠡᠷᠡᠭᠴᠡᠭᠡ ᠶᠢ ᠦᠨᠳᠦᠰᠦᠯᠡᠨ᠂ ᠬᠤᠳᠠᠯᠳᠤᠨ ᠠᠪᠬᠤ ᠦᠢᠯᠡᠴᠢᠯᠡᠭᠡᠨ ᠤ ᠲᠥᠷᠥᠯ ᠵᠦᠢᠯ ᠢ ᠵᠦᠶ ᠵᠣᠬᠢᠰᠲᠠᠶ ᠲᠣᠭᠲᠠᠭᠠᠵᠤ᠂ ᠦᠢᠯᠡᠴᠢᠯᠡᠭᠡᠨ ᠤ ᠠᠭᠤᠯᠭ᠎ᠠ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠲᠣᠳᠣᠷᠬᠠᠶᠢᠯᠠᠬᠤ ᠶᠢᠨ ᠬᠠᠮᠲᠤ᠂ ︽ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠬᠠᠤᠯᠢ︾ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ ᠲᠠᠭᠠᠭᠠᠴᠢᠯᠠᠬᠤ ᠨᠢᠭᠡᠴᠡ ᠶᠢᠨ ᠬᠠᠮᠢᠶ᠎ᠠ ᠪᠥᠬᠦᠶ  ᠦᠢᠯᠡᠴᠢᠯᠡᠭᠡ ᠶᠢ ᠬᠤᠳᠠᠯᠳᠤᠨ ᠠᠪᠬᠤ ᠶᠢ ᠲᠣᠭᠲᠠᠭᠠᠨ᠎ᠠ᠃      ᠲᠠᠪᠤ᠂ ᠪᠡᠯᠡ ᠮᠦᠩᠭᠦ ᠵᠢᠴᠢ ᠢᠷᠡᠯᠳᠡ      2022 ᠣᠨ ᠤ ᠨᠡᠶᠢᠭᠡᠮ ᠤᠨ ᠠᠪᠤᠷᠠᠨ ᠲᠣᠰᠠᠯᠠᠬᠤ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠣᠨ ᠪᠠᠶᠢᠴᠠᠭᠠᠬᠤ ᠦᠢᠯᠡᠴᠢᠯᠡᠭᠡ ᠶᠢ ᠬᠤᠳᠠᠯᠳᠣᠨ ᠠᠪᠬᠤ ᠪᠡᠯᠡ ᠮᠦᠩᠭᠦ 57.76 ᠲᠦᠮᠡᠨ ᠲᠥᠭᠦᠷᠢᠭ ᠪᠣᠯᠤᠨ᠎ᠠ᠃ ᠪᠠᠯᠠ ᠮᠥᠩᠭᠦ ᠶᠢᠨ ᠢᠷᠡᠯᠲᠡ ᠳᠤ ᠭᠤᠤᠯᠳᠠᠭᠤ ᠳᠡᠭᠡᠷ᠎ᠡ ᠱᠠᠲᠤᠨ ᠤ ᠵᠠᠰᠠᠭ ᠤᠨ ᠣᠷᠳᠣᠨ ᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠬᠤᠳᠠᠯᠳᠤᠨ ᠠᠪᠬᠤ ᠲᠤᠰᠬᠠᠶ ᠪᠠᠯᠠ ᠮᠥᠩᠭᠦ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠪᠠᠭᠲᠠᠨ᠎ᠠ᠃      ᠵᠢᠷᠭᠤᠭ᠎ᠠ᠂ ᠬᠡᠷᠡᠭᠵᠢᠭᠦᠯᠬᠦ ᠬᠤᠭᠤᠴᠠᠭ᠎ᠠ      ᠵᠠᠰᠠᠭ ᠤᠨ ᠣᠷᠳᠣᠨ ᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠬᠤᠳᠠᠯᠳᠤᠨ ᠠᠪᠬᠤ ᠠᠵᠢᠯ ᠤᠨ ᠦᠷᠭᠦᠯᠵᠢᠯᠡᠬᠦ ᠴᠢᠨᠠᠷ ᠢ ᠪᠠᠲᠤᠯᠠᠬᠤ ᠶᠢᠨ ᠲᠥᠯᠥᠭᠡ᠂ ︽ᠵᠠᠰᠠᠭ ᠤᠨ ᠣᠷᠳᠣᠨ ᠠᠴᠠ ᠦᠢᠯᠡᠴᠢᠯᠡᠭᠡ ᠶᠢ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾ ᠶᠢᠨ ᠬᠤᠷᠢᠨ ᠳᠥᠷᠪᠡᠳᠦᠭᠡᠷ ᠵᠦᠢᠯ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠳᠠᠭᠠᠭᠠᠴᠢᠯᠠᠨ ᠠᠪᠬᠤ ᠨᠢᠭᠡᠴᠡ ᠲᠠᠢ 3 ᠵᠢᠯ ᠠᠴᠠ ᠬᠡᠳᠣᠷᠡᠬᠦ ᠦᠭᠡᠢ ᠬᠤᠭᠤᠴᠠᠭ᠎ᠠ ᠲᠠᠢ ᠵᠠᠰᠠᠭ ᠤᠨ ᠣᠷᠳᠣᠨ ᠤ ᠦᠢᠯᠡᠴᠢᠯᠡᠭᠡ ᠶᠢ ᠬᠤᠳᠠᠯᠳᠤᠨ ᠠᠪᠬᠤ ᠭᠡᠷ᠎ᠡ ᠳᠣᠭᠳᠠᠨ᠎ᠠ ︵ᠳᠠᠷᠤᠶ᠄ 2022 ᠣᠨ ᠤ 3 ᠰᠠᠷ᠎ᠠ ᠠᠴᠠ 2025 ᠣᠨ ᠤ 3 ᠰᠠᠷ᠎ᠠ ᠪᠣᠯᠲᠠᠯ᠎ᠠ︶᠃ ᠵᠠᠰᠠᠭ ᠤᠨ ᠣᠷᠳᠣᠨ ᠤ ᠦᠢᠯᠡᠴᠢᠯᠡᠭᠡ ᠶᠢ ᠬᠤᠳᠠᠯᠳᠤᠨ ᠠᠪᠬᠤ ᠭᠡᠷ᠎ᠡ ᠳᠤ ᠵᠢᠯ ᠪᠦᠷᠢ ᠨᠢᠭᠡ ᠤᠳᠠᠭ᠎ᠠ ᠭᠠᠷ ᠤᠨ ᠥᠰᠥᠭ ᠵᠢᠷᠤᠬᠤ ᠶᠢᠨ ᠬᠠᠮᠲᠤ ᠭᠤᠷᠪᠠᠳᠣᠭᠠᠷ ᠡᠲᠡᠭᠡᠳ ᠲᠤ ᠨᠠᠶᠢᠳᠠᠵᠤ ᠠᠵᠢᠯ ᠤᠨ ᠪᠦᠲᠦᠮᠵᠢ ᠶᠢᠨ ᠦᠨᠡᠯᠡᠯᠲᠡ ᠬᠢᠯᠭᠡᠨ᠎ᠡ᠃ ᠭᠡᠷ᠎ᠡ ᠶᠢ ᠬᠡᠷᠡᠭᠵᠢᠬᠦᠯᠬᠦ ᠬᠤᠭᠤᠴᠠᠭᠠᠨ ᠳᠤ᠂ ᠳᠠᠭᠠᠭᠠᠴᠢᠯᠠᠨ ᠠᠪᠣᠭᠰᠠᠨ ᠨᠢᠭᠡᠴᠡ ᠨᠢ ᠬᠦᠨᠳᠦ ᠨᠣᠴᠢᠲᠠᠶ ᠬᠠᠷᠢᠭᠤᠴᠠᠯᠭ᠎ᠠ ᠠᠯᠳᠠᠬᠤ᠂ ᠠᠮᠤᠷ ᠲᠦᠪᠰᠢᠨ ᠤ ᠠᠳᠡᠯ  ᠭᠠᠷᠬᠤ᠂ ᠮᠠᠭᠤ ᠨᠥᠯᠥᠭᠡ ᠭᠠᠷᠬᠤ᠂ ᠣᠯᠠᠨ ᠲᠦᠮᠡᠨ ᠤ ᠲᠤᠰᠬᠠᠯ ᠴᠢᠩᠭ᠎ᠠ ᠪᠤᠶᠤ ᠦᠢᠯᠡᠴᠢᠯᠡᠭᠡᠨ ᠤ ᠶᠠᠰᠤ ᠴᠢᠨᠠᠷ ᠲᠣᠣᠷ᠎ᠠ᠂ ᠦᠢᠯᠡᠴᠢᠯᠡᠭᠡᠨ ᠤ ᠤᠳᠠᠭ᠎ᠠ ᠨᠢ ᠬᠦᠷᠦᠯᠴᠡᠬᠦ ᠥᠬᠡᠶ ᠪᠠᠶᠢᠪᠠᠯ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠳᠠᠭᠠᠭᠠᠴᠢᠯᠠᠨ ᠠᠪᠬᠤ ᠬᠢᠷᠢ ᠬᠡᠮ ᠢ ᠨᠢ ᠴᠠᠭ ᠲᠤᠬᠠᠶ ᠳᠤᠨᠢ ᠬᠦᠴᠦᠨ ᠥᠬᠡᠶ ᠪᠣᠯᠭᠠᠬᠤ ᠬᠡᠷᠡᠭᠲᠡᠶ᠃      ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠭᠡᠷᠡᠭᠲᠠᠢ᠃ ᠵᠠᠰᠠᠭ ᠤᠨ ᠣᠷᠳᠣᠨ ᠠᠴᠠ ᠦᠢᠯᠡᠴᠢᠯᠡᠭᠡ ᠶᠢ ᠬᠤᠳᠠᠯᠳᠤᠨ ᠠᠪᠬᠤ ᠪᠠᠷ ᠳᠠᠮᠵᠢᠭᠤᠯᠤᠨ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠯᠲᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠬᠤ ᠪᠣᠯ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠠᠷᠭ᠎ᠠ ᠮᠠᠶ᠋ᠢᠭ ᠤᠨ ᠴᠢᠬᠤᠯᠠ ᠶᠡᠭᠡ ᠰᠢᠨᠡᠴᠢᠯᠡᠯᠲᠡ ᠮᠥᠨ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂  ᠦᠢᠯᠡᠴᠢᠯᠡᠭᠡ ᠶᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠰᠤᠮᠤ ᠪᠠᠯᠭᠠᠰᠤ ︵ᠲᠠᠯᠠᠪᠠᠶ︶᠂  ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠠᠪᠤᠷᠠᠨ ᠲᠤᠰᠠᠯᠠᠬᠤ ᠬᠦᠷᠢᠶ᠎ᠡ ᠶᠢᠨ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠦᠢᠯᠡᠴᠢᠯᠡᠭᠡᠨ  ᠤ ᠵᠦᠢᠯᠡᠰ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢᠶᠠᠨ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠵᠣ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠶᠢ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃      ︵ᠬᠤᠶᠠᠷ︶ ᠠᠵᠢᠯ ᠤᠨ ᠲᠣᠭᠲᠠᠴᠠ ᠪᠠᠨ ᠪᠦᠷᠢᠨᠰᠢᠬᠦᠯᠬᠦ ᠬᠡᠷᠡᠭᠲᠠᠢ᠃ ᠬᠤᠰᠢᠭᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠵᠠᠰᠠᠭ ᠤᠨ ᠣᠷᠳᠣᠨ ᠠᠴᠠ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠬᠤᠳᠠᠯᠳᠤᠨ ᠠᠪᠬᠤ ᠠᠵᠢᠯ ᠢ ᠨᠢᠭᠡᠳᠦᠯᠲᠡᠶ ᠲᠦᠯᠦᠪᠵᠢᠬᠦᠯᠬᠦ᠂ ᠵᠣᠬᠢᠶᠠᠨ ᠪᠠᠶᠢᠭᠤᠯᠣᠨ ᠬᠡᠷᠡᠭᠵᠢᠬᠦᠯᠬᠦ ᠪᠠ ᠠᠵᠢᠯ ᠤᠨ ᠪᠦᠲᠦᠮᠵᠢ ᠶᠢᠨ ᠦᠨᠡᠯᠡᠯᠲᠡ ᠪᠠᠨ ᠴᠢᠩᠭᠠᠳᠬᠠᠬᠤ ᠭᠡᠷᠡᠭᠲᠠᠢ︔ ᠬᠤᠰᠢᠭᠤ ᠪᠠᠶᠢᠭᠤᠯᠤᠮᠵᠢ ᠶᠢᠨ ᠣᠷᠣᠨ ᠲᠣᠭᠠᠨ ᠤ ᠰᠠᠯᠠᠭ᠎ᠠ ᠮᠥᠴᠢᠷ ᠨᠢ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠪᠠ ᠴᠢᠳᠠᠪᠤᠷᠢ ᠪᠠᠨ ᠬᠤᠪᠢᠷᠠᠭᠤᠯᠬᠤ ᠶᠢ ᠵᠢᠯᠣᠭᠤᠳᠬᠤ ᠶᠢ ᠬᠠᠷᠢᠭᠤᠴᠠᠨ᠎ᠠ︔ ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠥᠴᠢᠷ   ᠨᠢ ᠵᠠᠰᠠᠭ ᠤᠨ ᠣᠷᠳᠣᠨ ᠠᠴᠠ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠬᠤᠳᠠᠯᠳᠤᠨ ᠠᠪᠬᠤ ᠵᠠᠷᠤᠳᠠᠯ ᠤᠨ ᠲᠣᠬᠢᠷᠠᠭᠤᠯᠤᠯᠲᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠦᠨᠳᠦᠰᠦᠨ ᠱᠠᠲᠤ ᠶᠢ ᠵᠢᠯᠣᠭᠤᠳᠤᠨ ᠵᠠᠰᠠᠭ ᠤᠨ ᠣᠷᠳᠣᠨ ᠠᠴᠠ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠬᠤᠳᠠᠯᠳᠤᠨ ᠠᠪᠬᠤ ᠠᠵᠢᠯ ᠲᠠᠢ ᠵᠣᠯᠭᠠᠭᠤᠯᠬᠤ ᠠᠵᠢᠯ ᠢ ᠴᠢᠩᠭᠠᠳᠬᠠᠬᠤ ᠶᠢ ᠬᠠᠷᠢᠭᠤᠴᠠᠨ᠎ᠠ᠃      ︵ᠭᠤᠷᠪᠠ︶ ᠠᠵᠢᠯ ᠤᠨ ᠪᠦᠲᠦᠮᠵᠢ ᠶᠢᠨ ᠦᠨᠡᠯᠡᠯᠲᠡ ᠬᠢᠬᠦ ᠭᠡᠷᠡᠭᠲᠠᠢ᠃ ᠬᠤᠰᠢᠭᠤ ᠠᠷᠠᠳ ᠤᠨ ᠶᠠᠪᠤᠳᠠᠯ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠠᠴᠠ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠬᠤᠳᠠᠯᠳᠤᠨ ᠠᠪᠬᠤ ᠶᠢ ᠦᠨᠡᠯᠡᠬᠦ ᠬᠠᠮᠢᠶ᠎ᠠ ᠪᠦᠬᠦᠢ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠬᠤᠳᠠᠯᠳᠤᠨ ᠠᠪᠬᠤ ᠨᠢᠭᠡᠴᠡ᠂ ᠦᠢᠯᠡᠴᠢᠯᠡᠬᠦ ᠨᠢᠭᠤᠷᠯᠠᠯ ᠵᠢᠴᠢ ᠭᠤᠷᠪᠠᠳᠠᠬᠢ ᠡᠲᠡᠭᠡᠳ ᠢᠶᠠᠷ ᠪᠦᠷᠢᠯᠳᠦᠭᠰᠡᠨ ᠶᠡᠷᠦᠩᠬᠡᠶᠢᠯᠡᠭᠰᠡᠨ ᠴᠢᠨᠠᠷᠲᠠᠶ ᠦᠨᠡᠯᠡᠬᠦ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠦᠢᠯᠡᠴᠢᠯᠡᠭᠡᠨ ᠤ ᠦᠷ᠎ᠡ ᠪᠦᠲᠦᠮᠵᠢ᠂ ᠲᠥᠷᠥᠯ ᠵᠦᠢᠯ ᠤᠨ ᠬᠠᠮᠢᠶᠠᠷᠤᠯᠲᠠ᠂ ᠨᠡᠶᠢᠭᠡᠮ ᠤᠨ ᠨᠥᠯᠥᠭᠡ ᠵᠡᠷᠭᠡ ᠠᠭᠤᠯᠭ᠎ᠠ ᠳᠤ ᠶᠡᠷᠦᠩᠬᠡᠶᠢᠯᠡᠭᠰᠡᠨ ᠴᠢᠨᠠᠷᠲᠠᠶ ᠠᠵᠢᠯ ᠤᠨ ᠪᠦᠲᠦᠮᠵᠢ ᠶᠢᠨ ᠦᠨᠡᠯᠡᠯᠲᠡ ᠬᠢᠨ᠎ᠠ᠃ ᠠᠵᠢᠯ ᠤᠨ ᠪᠦᠲᠦᠮᠵᠢ ᠶᠢ ᠦᠨᠡᠯᠡᠯᠲᠡ ᠨᠢ ᠦᠢᠯᠡᠴᠢᠯᠡᠬᠦ ᠨᠢᠭᠤᠷᠯᠠᠯ ᠤᠨ ᠠᠪᠤᠷᠠᠨ ᠲᠤᠰᠠᠯᠠᠬᠤ ᠦᠢᠯᠡᠴᠢᠯᠡᠭᠡ ᠳᠠᠬᠢ ᠬᠠᠨᠤᠮᠵᠢ ᠶᠢᠨ ᠬᠡᠮᠵᠢᠶ᠎ᠡ ᠶᠢ ᠴᠢᠬᠤᠯᠠᠴᠢᠯᠠᠬᠤ ᠬᠡᠷᠡᠭᠲᠡᠶ᠃ ᠦᠨᠡᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ᠂ ᠳᠠᠭᠠᠭᠠᠴᠢᠯᠠᠬᠤ ᠨᠢᠭᠡᠴᠡ ᠶᠢ ᠰᠣᠩᠭᠤᠬᠤ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃      ︵ᠳᠥᠷᠪᠡ︶ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠭᠡᠷᠡᠭᠲᠠᠢ᠃ ᠬᠤᠰᠢᠭᠤ ᠠᠷᠠᠳ ᠤᠨ ᠶᠠᠪᠤᠳᠠᠯ᠂ ᠣᠷᠣᠨ ᠲᠣᠭᠠᠨ ᠤ ᠠᠯᠪᠠᠨ ᠬᠡᠷ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠠᠴᠠ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠬᠤᠳᠠᠯᠳᠤᠨ ᠠᠪᠬᠤ ᠠᠵᠢᠯ ᠳᠠᠬᠢ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠤᠳᠠᠯᠳᠤᠨ ᠠᠪᠬᠤ ᠠᠵᠢᠯᠯᠠᠭ᠎ᠠ ᠶᠢ ᠢᠯᠡ ᠪᠣᠯᠭᠠᠬᠤ᠂ ᠵᠢᠷᠤᠮᠵᠢᠯ ᠲᠠᠢ ᠪᠥᠭᠡᠳ ᠪᠦᠲᠦᠮᠵᠢᠲᠡᠶ ᠪᠠᠶᠢᠯᠭᠠᠬᠤ ᠶᠢ ᠪᠠᠳᠣᠯᠠᠬᠤ ᠬᠡᠷᠡᠭᠲᠠᠢ᠃ ᠬᠤᠳᠠᠯᠳᠤᠨ ᠠᠪᠬᠤ ᠨᠢᠭᠡᠴᠡ ᠨᠢ ᠲᠣᠭᠲᠠᠭᠠᠯ ᠶᠣᠰᠣᠭᠠᠷ ᠦᠢᠯᠡᠴᠢᠯᠡᠭᠡ ᠶᠢ ᠬᠤᠳᠠᠯᠳᠤᠨ ᠠᠪᠬᠤ ᠬᠠᠮᠢᠶ᠎ᠠ ᠪᠥᠬᠦᠶ ᠮᠡᠳᠡᠭᠡ ᠵᠠᠩᠭᠢ ᠶᠢ ᠢᠯᠡ ᠪᠣᠯᠭᠠᠬᠤ ᠶᠢᠨ ᠬᠠᠮᠲᠤ᠂ ᠬᠢᠨᠠᠨ ᠪᠤᠳᠤᠵᠤ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠯᠳᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠳᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠳᠠᠭᠠᠭᠠᠴᠢᠯᠠᠨ ᠠᠪᠬᠤ ᠨᠢᠭᠡᠴᠡ ᠨᠢ ᠭᠡᠷ᠎ᠡ ᠶᠢ ᠵᠦᠷᠢᠴᠡᠬᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠦᠢᠯᠡ ᠠᠵᠢᠯᠯᠠᠭ᠎ᠠ ᠣᠷᠣᠰᠢᠵᠣ᠂ ᠪᠠᠶᠢᠳᠠᠯ ᠨᠢ ᠬᠦᠨᠳᠦ ᠨᠣᠴᠢᠲᠠᠶ᠂ ᠨᠡᠶᠢᠭᠡᠮ ᠳᠤ ᠮᠠᠭᠤ ᠨᠥᠯᠥᠭᠡ ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ ᠰᠢᠳᠬᠡᠵᠦ᠂ ᠬᠠᠤᠯᠢ ᠴᠠᠭᠠᠵᠠ ᠪᠤᠶᠤ ᠭᠡᠷ᠎ᠡ ᠶᠢᠨ ᠳᠣᠭᠳᠠᠭᠠᠯ ᠶᠣᠰᠣᠭᠠᠷ ᠭᠡᠷ᠎ᠡ ᠪᠠᠨ  ᠵᠣᠭᠰᠣᠭᠠᠬᠤ ᠭᠡᠷᠡᠭᠲᠠᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号