ᠭᠠᠯᠲᠤ ᠲᠡᠷᠭᠡᠨ ᠤ ᠪᠢᠯᠧᠲ ᠤᠨ ᠰᠢᠨ᠎ᠡ ᠲᠣᠭᠲᠠᠭᠠᠯ
ᠨᠡᠶᠢᠲᠡᠯᠡᠭᠰᠡᠨ ᠴᠠᠭ᠄
2022/2/18
    ᠥᠩᠭᠡᠷᠡᠭᠰᠡᠨ ᠳᠤ ᠭᠠᠯᠲᠤ ᠲᠡᠷᠭᠡᠨ ᠤ ᠪᠢᠯᠧᠲ ᠠᠪᠬᠤ ᠳᠤ 1.2 ᠮᠧᠲᠷ ᠠᠴᠠ 1.5 ᠮᠧᠲᠷ ᠥᠨᠳᠥᠷ ᠪᠠᠭᠠᠴᠤᠳ ᠬᠡᠦᠬᠡᠳ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠪᠢᠯᠧᠲ ᠬᠤᠳᠠᠯᠳᠤᠨ ᠠᠪᠴᠤ᠂ 1.5 ᠮᠧᠲᠷ ᠠᠴᠠ ᠥᠨᠳᠥᠷ ᠪᠣᠯᠪᠠᠯ ᠲᠤᠮᠤᠴᠤᠳ ᠲᠠᠢ ᠠᠳᠠᠯᠢᠬᠠᠨ ᠪᠦᠬᠦ ᠦᠨ᠎ᠡ ᠪᠠᠷ ᠨᠢ ᠪᠢᠯᠧᠲ ᠠᠪᠬᠤ ᠶᠢ ᠱᠠᠭᠠᠷᠳᠠᠵᠤ ᠪᠠᠶᠢᠭᠰᠠᠨ ᠪᠢᠯᠡ᠃        ᠤᠯᠤᠰ ᠤᠨ ᠲᠡᠮᠦᠷ ᠵᠠᠮ ᠤᠨ ᠲᠣᠪᠴᠢᠶᠠᠨ ᠠᠴᠠ ᠣᠶᠢᠷ᠎ᠠ ᠳᠤ ︽ᠲᠡᠮᠦᠷ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠳᠦᠷᠢᠮ ᠲᠣᠭᠲᠠᠭᠠᠯ ᠤᠨ ᠲᠤᠬᠠᠢ ᠰᠠᠨᠠᠯ ᠬᠤᠷᠢᠶᠠᠬᠤ ᠨᠣᠣᠷᠠᠭ︾ ᠢ ᠨᠡᠶᠢᠲᠡᠯᠡᠵᠡᠢ᠃ ᠡᠭᠦᠨ ᠳᠤ ᠵᠢᠩᠬᠢᠨᠢ ᠨᠡᠷ᠎ᠡ ᠪᠠᠷ ᠢᠶᠠᠨ ᠪᠢᠯᠧᠲ ᠬᠤᠳᠠᠯᠳᠤᠨ ᠠᠪᠬᠤ ᠳᠤ 6 ᠠᠴᠠ 14 ᠨᠠᠰᠤᠨ ᠤ ᠬᠤᠭᠤᠷᠣᠨᠳᠤᠬᠢ ᠪᠠᠭᠠᠴᠤᠳ ᠬᠡᠦᠬᠡᠳ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠪᠢᠯᠧᠲ ᠬᠤᠳᠠᠯᠳᠤᠨ ᠠᠪᠴᠤ᠂ ᠪᠦᠬᠦᠯᠢ 14 ᠨᠠᠰᠤ ᠬᠦᠷᠪᠡᠯ ᠲᠤᠮᠤᠴᠤᠳ ᠲᠠᠢ ᠠᠳᠠᠯᠢᠬᠠᠨ ᠪᠦᠬᠦ ᠦᠨ᠎ᠡ ᠪᠠᠷ ᠨᠢ ᠪᠢᠯᠧᠲ ᠠᠪᠬᠤ ᠬᠡᠷᠡᠭᠲᠡᠢ ᠭᠡᠰᠡᠨ ᠵᠤᠷᠪᠤᠰ ᠢ ᠨᠡᠮᠡᠵᠦ ᠣᠷᠣᠭᠤᠯᠤᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号