ᠨᠢᠳᠦᠨ ᠳᠤ ᠲᠤᠰᠠᠲᠠᠢ ᠪᠠ ᠬᠠᠷᠰᠢ ᠢᠳᠡᠭᠡᠨ
ᠨᠡᠶᠢᠲᠡᠯᠡᠭᠰᠡᠨ ᠴᠠᠭ᠄
2022/2/18
      ᠬᠤᠯᠤᠤᠪᠠᠩ          ᠸᠢᠲ᠋ᠠᠮᠢᠨ A ᠪᠣᠯ ᠨᠢᠳᠦᠨ ᠤ ᠡᠷᠡᠭᠦᠯ ᠮᠡᠨᠳᠦ ᠳᠤ ᠲᠤᠲᠠᠭᠳᠠᠵᠤ ᠪᠣᠯᠣᠰᠢ ᠦᠭᠡᠢ ᠪᠢᠴᠢᠯ ᠡᠯᠧᠮᠧᠨ᠋ᠲ ᠪᠣᠯᠣᠨ᠎ᠠ᠃ ᠬᠤᠯᠤᠤᠪᠠᠩ ᠢᠳᠡᠬᠦ ᠪᠣᠯ ᠸᠢᠲ᠋ᠠᠮᠢᠨ A ᠶᠢ ᠰᠢᠩᠭᠡᠬᠡᠨ ᠠᠪᠬᠤ ᠰᠠᠶᠢᠨ ᠠᠷᠭ᠎ᠠ ᠪᠣᠯᠣᠨ᠎ᠠ᠃ ᠡᠭᠦᠨ ᠠᠴᠠ ᠭᠠᠳᠠᠨ᠎ᠠ᠂ ᠪᠥᠭᠡᠷᠡᠩᠬᠡᠢ ᠴᠠᠭᠠᠨ ᠨᠣᠭᠤᠭ᠎ᠠ ᠮᠥᠨ ᠸᠢᠲ᠋ᠠᠮᠢᠨ A ᠡᠯᠪᠡᠭ ᠠᠭᠤᠯᠳᠠᠭ ᠢᠳᠡᠰᠢᠨ ᠨᠣᠭᠤᠭ᠎ᠠ ᠪᠣᠯᠣᠨ᠎ᠠ᠃            ᠦᠷᠭᠡᠰᠦᠳᠦ ᠨᠣᠭᠤᠭ᠎ᠠ          ᠦᠷᠭᠡᠰᠦᠳᠦ ᠨᠣᠭᠤᠭ᠎ᠠ ᠨᠢ ᠵᠠᠷᠢᠮ ᠨᠢᠳᠦᠨ ᠤ ᠡᠪᠡᠳᠴᠢᠨ ᠢ ᠰᠡᠷᠭᠡᠶᠢᠯᠡᠬᠦ ᠦᠢᠯᠡᠳᠦᠯ ᠲᠠᠢ ᠪᠠᠶᠢᠳᠠᠭ᠃ ᠦᠷᠭᠡᠰᠦᠳᠦ ᠨᠣᠭᠤᠭ᠎ᠠ ᠳᠤ ᠨᠢᠭᠡ ᠵᠦᠢᠯ ᠤᠨ ᠰᠢᠷ᠎ᠠ ᠪᠡᠶᠡᠲᠦ ᠡᠳ᠋ ᠭᠡᠳᠡᠭ ᠪᠣᠳᠠᠰ ᠠᠭᠤᠯᠳᠠᠭ ᠨᠢ ᠴᠠᠭᠠᠨ ᠬᠠᠷᠠᠩ ᠡᠪᠡᠳᠴᠢᠨ ᠪᠠ ᠰᠢᠷ᠎ᠠ ᠲᠣᠯᠪᠤ ᠶᠢᠨ ᠤᠷᠪᠠᠯᠲᠠ ᠶᠢ ᠰᠡᠷᠭᠡᠶᠢᠯᠡᠬᠦ ᠦᠢᠯᠡᠳᠦᠯ ᠲᠠᠢ ᠪᠠᠶᠢᠳᠠᠭ᠃         ᠲᠠᠬᠢᠶᠠᠨ ᠥᠨᠳᠡᠭᠡ          ᠲᠠᠬᠢᠶᠠᠨ ᠥᠨᠳᠡᠭᠡ ᠨᠢᠳᠦᠨ ᠬᠠᠷᠠᠭ᠎ᠠ ᠳᠤ ᠰᠠᠶᠢᠨ᠃ ᠲᠠᠬᠢᠶᠠᠨ ᠥᠨᠳᠡᠭᠡᠨ ᠳᠤ ᠠᠭᠤᠯᠳᠠᠭ ᠳᠠᠪᠤᠰᠠᠩ ᠤᠨ ᠠᠮᠢᠨᠤ᠋ ᠬᠦᠴᠢᠯ᠂ ᠬᠦᠬᠦᠷ᠂ ᠥᠨᠳᠡᠭᠡᠨ ᠤ ᠹᠣᠰᠹᠣᠷᠲᠤ ᠥᠭᠡᠬᠦ᠂ ᠠᠮᠢᠨᠤ᠋ ᠬᠦᠴᠢᠯ ᠪᠠ ᠰᠢᠷ᠎ᠠ ᠪᠡᠶᠡᠲᠦ ᠡᠳ᠋ ᠵᠡᠷᠭᠡ ᠨᠢ ᠪᠦᠷ ᠴᠠᠭᠠᠨ ᠬᠠᠷᠠᠩ ᠡᠪᠡᠳᠴᠢᠨ ᠢ ᠰᠡᠷᠭᠡᠶᠢᠯᠡᠬᠦ ᠦᠢᠯᠡᠳᠦᠯ ᠲᠠᠢ ᠪᠠᠶᠢᠳᠠᠭ᠃         ᠨᠣᠭᠤᠭᠠᠨ ᠴᠡᠴᠡᠭᠲᠦ ᠨᠣᠭᠤᠭ᠎ᠠ          ᠨᠣᠭᠤᠭᠠᠨ ᠴᠡᠴᠡᠭᠲᠦ ᠨᠣᠭᠤᠭ᠎ᠠ ᠨᠢ ᠬᠠᠷᠠᠭ᠎ᠠ ᠶᠢ ᠰᠠᠶᠢᠵᠢᠷᠠᠭᠤᠯᠬᠤ ᠪᠠ ᠴᠠᠭᠠᠨ ᠬᠠᠷᠠᠩ ᠡᠪᠡᠳᠴᠢᠨ ᠢ ᠰᠡᠷᠭᠡᠶᠢᠯᠡᠬᠦ ᠦᠢᠯᠡᠳᠦᠯ ᠲᠠᠢ᠃ ᠨᠣᠭᠤᠭᠠᠨ ᠴᠡᠴᠡᠭᠲᠦ ᠨᠣᠭᠤᠭ᠎ᠠ ᠳᠤ ᠠᠭᠤᠯᠳᠠᠭ ᠰᠢᠷ᠎ᠠ ᠪᠡᠶᠡᠲᠦ ᠡᠳ᠋ ᠪᠠ ᠡᠷᠳᠡᠨᠢ ᠰᠢᠰᠢ ᠶᠢᠨ ᠰᠢᠷ᠎ᠠ ᠭᠡᠳᠡᠭ ᠬᠤᠯᠤᠤᠪᠠᠩ ᠤᠨ ᠡᠳ᠋ ᠤᠨ ᠳᠦᠷᠦᠯ ᠤᠨ ᠪᠣᠳᠠᠰ ᠨᠢ ᠨᠢᠳᠦᠨ ᠤ ᠪᠣᠯᠣᠷᠯᠢᠭ ᠴᠣᠭᠴᠠ ᠳᠤ ᠶᠡᠭᠡ ᠲᠤᠰᠠ ᠲᠠᠢ ᠪᠠᠶᠢᠳᠠᠭ ᠪᠠ ᠨᠢᠳᠦᠨ ᠤ ᠡᠰ ᠤᠨ ᠴᠢᠯᠦᠭᠡᠲᠦ ᠪᠦᠯᠦᠭ ᠤᠨ ᠳᠠᠷᠤᠯᠲᠠ ᠳᠤ ᠤᠴᠠᠷᠠᠬᠤ ᠠᠴᠠ ᠬᠠᠮᠠᠭᠠᠯᠠᠳᠠᠭ᠃         ᠬᠠᠷ᠎ᠠ ᠴᠤᠺᠤᠯᠡᠳ᠋          ᠬᠠᠷ᠎ᠠ ᠴᠤᠺᠤᠯᠠᠳ᠋ ᠲᠤ ᠠᠭᠤᠯᠳᠠᠭ ᠰᠢᠷ᠎ᠠ ᠺᠧᠲ᠋ᠤᠨ ᠤ ᠳᠦᠷᠦᠯ ᠤᠨ ᠬᠢᠮᠢ ᠶᠢᠨ ᠨᠡᠶᠢᠯᠡᠮᠡᠯ ᠪᠣᠳᠠᠰ ᠨᠢ ᠨᠢᠳᠦᠨ ᠤ ᠴᠢᠰᠤᠨ ᠰᠤᠳᠠᠯ ᠢ ᠬᠠᠮᠠᠭᠠᠯᠠᠬᠤ ᠦᠢᠯᠡᠳᠦᠯ ᠲᠠᠢ ᠪᠠᠶᠢᠵᠤ᠂ ᠡᠭᠦᠨ ᠤ ᠤᠯᠠᠮ ᠠᠴᠠ ᠨᠢᠳᠦᠨ ᠤ ᠡᠪᠡᠷᠯᠢᠭ ᠪᠦᠷᠬᠦᠪᠴᠢ ᠪᠠ ᠪᠣᠯᠣᠷᠯᠢᠭ ᠴᠣᠭᠴᠠ ᠶᠢ ᠪᠠᠬᠢᠵᠢᠭᠦᠯᠳᠡᠭ᠃          ᠰᠠᠷᠢᠮᠰᠠᠭ          ᠰᠠᠷᠢᠮᠰᠠᠭ ᠨᠢ ᠪᠠᠺᠲ᠋ᠧᠷᠢ ᠶᠢ ᠳᠠᠷᠤᠬᠤ ᠦᠢᠯᠡᠳᠦᠯ ᠴᠢᠳᠠᠪᠬᠢ ᠲᠠᠢ ᠪᠠᠶᠢᠵᠤ᠂ ᠤᠯᠠᠨ ᠵᠦᠢᠯ ᠤᠨ ᠡᠪᠡᠳᠴᠢᠨ ᠢ ᠰᠡᠷᠭᠡᠶᠢᠯᠡᠬᠦ ᠦᠢᠯᠡᠳᠦᠯ ᠲᠠᠢ ᠪᠠᠶᠢᠳᠠᠭ ᠢᠶᠠᠷ ᠢᠶᠠᠨ ᠬᠡᠮᠵᠢᠶ᠎ᠡ ᠲᠠᠢ ᠢᠳᠡᠪᠡᠯ ᠬᠥᠮᠥᠨ ᠤ ᠪᠡᠶ᠎ᠡ ᠳᠤ ᠶᠡᠭᠡ ᠲᠤᠰᠠᠲᠠᠢ᠃ ᠭᠡᠪᠡᠴᠦ ᠬᠡᠷᠪᠡ ᠤᠷᠳᠤ ᠬᠤᠭᠤᠴᠠᠭ᠎ᠠ ᠪᠠᠷ ᠬᠡᠲᠦᠷᠡᠲᠡᠯ᠎ᠡ ᠢᠳᠡᠪᠡᠯ ᠨᠢᠳᠦᠨ ᠤ ᠡᠪᠡᠳᠴᠢᠨ ᠡᠭᠦᠰᠬᠡᠳᠡᠭ ᠃          ᠭᠤᠱᠤᠭᠤᠨ ᠢᠳᠡᠭᠡᠨ          ᠭᠤᠱᠤᠭᠤᠨ ᠢᠳᠡᠭᠡᠨ ᠢ ᠬᠡᠲᠦᠷᠡᠲᠡᠯ᠎ᠡ ᠢᠳᠡᠪᠡᠯ ᠨᠢᠳᠦᠨ ᠳᠤ ᠠᠰᠢᠭ ᠦᠭᠡᠢ᠃ ᠤᠷᠳᠤ ᠬᠤᠭᠤᠴᠠᠭ᠎ᠠ ᠪᠠᠷ ᠭᠤᠱᠤᠭᠤᠨ ᠢᠳᠡᠭᠡᠨ ᠤ ᠰᠡᠳᠡᠯᠲᠡ ᠶᠢ ᠬᠦᠯᠢᠶᠡᠪᠡᠯ ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠨᠢᠳᠦᠨ ᠤ ᠯᠤᠭᠰᠢᠭᠤᠨ ᠰᠤᠳᠠᠯ ᠤᠨ ᠬᠠᠲᠠᠭᠤᠷᠠᠯ᠂ ᠨᠢᠳᠦ ᠬᠠᠭᠤᠷᠠᠶᠢᠰᠢᠬᠤ ᠡᠪᠡᠳᠴᠢᠨ ᠪᠠ ᠬᠠᠷᠠᠭ᠎ᠠ ᠮᠠᠭᠤᠳᠠᠬᠤ ᠵᠡᠷᠭᠡ ᠨᠠᠰᠤᠲᠠᠶᠢᠴᠤᠳ ᠤᠨ ᠰᠢᠨᠵᠢ ᠲᠠᠢ ᠡᠪᠡᠳᠴᠢᠨ ᠡᠷᠲᠡ ᠡᠭᠦᠰᠳᠡᠭ᠃ ᠡᠶᠢᠮᠦ ᠠᠴᠠ ᠤᠮᠠᠷᠠᠲᠤ ᠣᠷᠣᠨ ᠤ ᠬᠥᠮᠥᠨ ᠤᠷᠳᠤ ᠬᠤᠭᠤᠴᠠᠭ᠎ᠠ ᠪᠠᠷ ᠭᠤᠱᠤᠭᠤᠨ ᠢᠳᠡᠭᠡᠨ ᠢᠳᠡᠪᠡᠯ ᠨᠢᠳᠦᠨ ᠳᠤ ᠴᠢᠨᠢ ᠬᠤᠣᠷ ᠨᠥᠯᠥᠭᠡ ᠪᠣᠯᠵᠤ ᠮᠡᠳᠡᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号