ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠵᠦ ᠡᠪᠡᠳᠴᠢᠨ ᠬᠢᠵᠢᠭ ᠢ ᠰᠡᠷᠭᠡᠶᠢᠯᠡᠬᠦ ᠢᠳᠡᠭᠡᠨ
ᠨᠡᠶᠢᠲᠡᠯᠡᠭᠰᠡᠨ ᠴᠠᠭ᠄
2022/2/18
      ᠲᠤᠩ ᠬᠢᠰᠤᠭ᠎ᠠ ᠶᠢᠨ ᠲᠦᠷᠦᠯ+ ᠮᠦᠬᠦ ᠶᠢᠨ ᠲᠦᠷᠦᠯ - ᠴᠠᠶᠢᠷ ᠨᠢ ᠦᠯᠦ ᠬᠠᠯᠳᠠᠭᠠᠬᠤ ᠴᠢᠳᠠᠪᠤᠷᠢ ᠳᠤ ᠵᠣᠬᠢᠬᠤ ᠲᠣᠬᠢᠷᠠᠭᠤᠯᠤᠯᠲᠠ ᠪᠤᠯᠳᠠᠭ᠃ ᠲᠤᠩ ᠬᠢᠰᠤᠭ᠎ᠠ ᠶᠢᠨ ᠲᠦᠷᠦᠯ ᠤᠨ ᠢᠳᠡᠭᠡᠨ ᠳᠤ  ᠴᠠᠶᠢᠷ  ᠡᠯᠪᠡᠭ  ᠠᠭᠤᠯᠤᠭᠳᠠᠳᠠᠭ᠃  ᠬᠡᠷᠪᠡ ᠲᠤᠩ ᠬᠢᠰᠤᠭ᠎ᠠ ᠶᠢᠨ ᠲᠦᠷᠦᠯ ᠢ ᠦᠷᠭᠦᠯᠵᠢ ᠢᠳᠡᠬᠦ ᠦᠭᠡᠢ ᠳᠤ ᠬᠦᠷᠪᠡᠯ ᠮᠦᠬᠦ ᠶᠢᠨ ᠲᠦᠷᠦᠯ ᠢ ᠢᠳᠡᠭᠰᠡᠨ ᠴᠦ  ᠪᠣᠯᠣᠨ᠎ᠠ᠃ ᠮᠦᠭᠦ ᠶᠢᠨ ᠲᠦᠷᠦᠯ ᠤᠨ ᠢᠳᠡᠭᠡᠨ ᠳᠤ ᠴᠠᠶᠢᠷ ᠡᠯᠪᠡᠭ ᠪᠠᠶᠢᠬᠤ ᠠᠴᠠ ᠭᠠᠳᠠᠨ᠎ᠠ᠂ ᠰᠢᠬᠢᠷ ᠡᠯᠪᠡᠭ ᠪᠠᠶᠢᠵᠤ᠂ ᠦᠯᠤ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ᠃ ᠡᠭᠦᠨ  ᠠᠴᠠ ᠭᠠᠳᠠᠨ᠎ᠠ᠂ ᠠᠮᠢᠲᠠᠨ ᠤ ᠡᠯᠢᠭᠡ᠂ ᠪᠤᠭᠤᠳᠠᠢ ᠶᠢᠨ ᠬᠦᠪᠤᠷᠡᠯ ᠤᠨ ᠨᠤᠨᠳᠠᠭ᠂ ᠬᠠᠷ᠎ᠠ ᠮᠢᠬ᠎ᠠ᠂ ᠬᠡᠭᠡᠷ᠎ᠡ ᠶᠢᠨ ᠬᠤᠰᠢᠭ᠎ᠠ ᠳᠤ ᠴᠦ ᠴᠠᠶᠢᠷ ᠨᠡᠯᠢᠶᠡᠳ ᠡᠯᠪᠡᠭ ᠪᠠᠶᠢᠳᠠᠭ᠃                  ᠡᠯᠢᠭᠡ+ ᠤᠯᠠᠪᠤᠷ ᠰᠢᠷ᠎ᠠ ᠥᠩᠭᠡᠲᠡᠢ ᠨᠣᠭᠤᠭ᠎ᠠ - ᠵᠢᠱᠢᠶᠡᠯᠡᠪᠡᠯ ᠡᠯᠢᠭᠡ᠂ ᠭᠠᠯᠠᠭᠤᠨ ᠥᠨᠳᠡᠭᠡᠨ ᠰᠢᠷ᠎ᠠ᠂ ᠵᠢᠭᠠᠰᠤᠨ ᠲᠤᠰᠤᠨ ᠳᠤ ᠸᠢᠲ᠋ᠠᠮᠢᠨA ᠮᠠᠰᠢ ᠡᠯᠪᠡᠭ  ᠪᠠᠶᠢᠳᠠᠭ᠃  ᠸᠢᠲ᠋ᠠᠮᠢᠨ A ᠨᠢᠳᠦᠨ ᠤ ᠬᠠᠷᠠᠭ᠎ᠠ ᠬᠠᠮᠠᠭᠠᠯᠠᠳᠠᠭ ᠢ ᠤᠯᠠᠨ ᠢᠶᠠᠷ ᠢᠶᠠᠨ ᠪᠦᠷ ᠮᠡᠳᠡᠨ᠎ᠡ᠃ ᠦᠨᠡᠨ ᠳᠡᠭᠡᠨ ᠲᠡᠷᠡ ᠪᠣᠯ ᠦᠯᠤ ᠬᠠᠯᠳᠠᠭᠠᠬᠤ ᠴᠢᠳᠠᠪᠤᠷᠢ ᠲᠠᠢ ᠨᠢᠭᠲᠠ ᠬᠠᠷᠢᠴᠠᠭ᠎ᠠ ᠲᠠᠢ ᠶᠤᠮ᠃          ᠭᠦᠨ ᠨᠣᠭᠤᠭᠠᠨ ᠥᠩᠭᠡᠲᠡᠢ ᠨᠤᠭᠤᠭ᠎ᠠ+  ᠳᠣᠯᠣᠭᠤᠨ᠎ᠠ - ᠨᠣᠭᠤᠭᠠᠨ ᠴᠡᠴᠡᠭᠲᠦ ᠴᠠᠭᠠᠨ ᠨᠣᠭᠤᠭ᠎ᠠ᠂ ᠦᠷᠭᠡᠰᠤᠳᠤ ᠨᠣᠭᠤᠭ᠎ᠠ ᠵᠡᠷᠭᠡ ᠭᠦᠨ ᠨᠣᠭᠤᠭᠠᠨ ᠥᠩᠭᠡᠲᠡᠢ ᠨᠣᠭᠤᠭ᠎ᠠ︔  ᠳᠣᠯᠣᠭᠤᠨ᠎ᠠ᠂ ᠴᠢᠪᠠᠭ᠎ᠠ᠂ ᠭᠠᠳᠢᠷ᠎ᠠ  ᠶᠢᠨ ᠵᠢᠮᠢᠰ᠂ ᠭᠦᠵᠡᠯᠵᠡᠭᠡᠨ᠎ᠡ ᠵᠡᠷᠭᠡ ᠵᠢᠮᠢᠰ ᠨᠢ ᠪᠦᠷ ᠸᠢᠲ᠋ᠠᠮᠢᠨ C ᠶᠢᠨ ᠠᠪᠤᠷᠭᠤ ᠤᠳ ᠶᠤᠮ᠃ ᠸᠢᠲ᠋ᠠᠮᠢᠨ C ᠨᠢ ᠡᠰᠡᠷᠭᠦᠴᠡᠯ ᠴᠣᠭᠴᠠ ᠶᠢᠨ ᠪᠦᠷᠢᠯᠳᠦᠯ ᠢ ᠠᠬᠢᠭᠤᠯᠳᠠᠭ᠃                  ᠳᠠᠯᠠᠢ ᠶᠢᠨ ᠵᠢᠭᠠᠰᠤ - ᠸᠢᠲ᠋ᠠᠮᠢᠨ D  ᠦᠯᠤ ᠬᠠᠯᠳᠠᠭᠠᠬᠤ ᠴᠢᠳᠠᠪᠤᠷᠢ ᠶᠢ ᠴᠢᠩᠭᠠᠷᠠᠭᠤᠯᠵᠤ᠂ ᠸᠢᠲ᠋ᠠᠮᠢᠨ D ᠳᠤᠲᠠᠭᠳᠠᠪᠠᠯ ᠪᠡᠶ᠎ᠡ ᠶᠢᠨ ᠬᠡᠪ ᠤᠨ ᠴᠢᠳᠠᠪᠤᠷᠢ ᠶᠢ ᠨᠥᠯᠥᠭᠡᠯᠡᠳᠡᠭ᠃ ᠨᠠᠷᠠᠨ ᠳᠤ ᠡᠭᠡᠭᠡᠬᠦ ᠪᠣᠯ ᠸᠢᠲ᠋ᠠᠮᠢᠨ D ᠰᠢᠩᠭᠡᠬᠡᠨ ᠠᠪᠬᠤ ᠪᠦᠳᠦᠮᠵᠢᠲᠠᠢ ᠠᠷᠭ᠎ᠠ ᠪᠤᠯᠪᠠᠴᠤ᠂ ᠡᠪᠦᠯ ᠤᠨ ᠤᠯᠠᠷᠢᠯ ᠳᠤ  ᠬᠠᠮᠤᠭ ᠰᠠᠶᠢᠨ ᠨᠢ ᠸᠢᠲ᠋ᠠᠮᠢᠨ D ᠡᠯᠪᠡᠭ  ᠢᠳᠡᠭᠡᠨ ᠨᠦ᠋ᠬᠦᠪᠤᠷᠢᠯᠡᠪᠡᠯ ᠵᠣᠬᠢᠨ᠎ᠠ᠃ ᠳᠠᠯᠠᠢ ᠶᠢᠨ ᠵᠢᠭᠠᠰᠤ᠂ ᠠᠮᠢᠲᠠᠨ ᠤ ᠡᠯᠢᠭᠡ᠂ ᠵᠢᠭᠠᠰᠤᠨ ᠲᠣᠰᠣ᠂ ᠥᠨᠳᠡᠭᠡᠨ ᠳᠤ ᠸᠢᠲ᠋ᠠᠮᠢᠨ D ᠶᠢᠨ ᠠᠭᠤᠯᠤᠭᠳᠠᠴᠠ ᠬᠠᠷᠢᠴᠠᠩᠭᠤᠢ ᠡᠯᠪᠡᠭ ᠪᠠᠶᠢᠳᠠᠭ᠃                ᠠᠮᠢᠲᠠᠨ ᠤ ᠴᠢᠰᠤ+ ᠡᠯᠢᠭᠡ -  ᠬᠠᠷ᠎ᠠ ᠮᠢᠬ᠎ᠠ᠂ ᠠᠮᠢᠲᠠᠨ ᠤ ᠴᠢᠰᠤ᠂ ᠡᠯᠢᠭᠡ ᠵᠡᠷᠭᠡ ᠢᠳᠡᠭᠡᠨ ᠨᠢ ᠲᠡᠮᠦᠷ ᠡᠯᠪᠡᠭᠲᠡᠢ  ᠪᠥᠭᠡᠳ ᠰᠢᠩᠭᠡᠭᠡᠵᠦ ᠠᠪᠬᠤ ᠳᠤ ᠰᠠᠶᠢᠨ ᠪᠠᠶᠢᠳᠠᠭ᠃ ᠡᠳᠦᠷ ᠪᠦᠷᠢ 40 ~75 ᠭᠷᠡᠮ ᠮᠢᠬ᠎ᠠ ᠢᠳᠡᠵᠦ ᠂ ᠠᠮᠢᠲᠠᠨ ᠤ ᠡᠯᠢᠭᠡ ᠶᠢ  ᠰᠠᠷ᠎ᠠ ᠪᠦᠷᠢ 2 ~ 3 ᠤᠳᠠᠭ᠎ᠠ᠂ ᠤᠳᠠᠭ᠎ᠠ ᠪᠦᠷᠢ 25 ᠭᠷᠡᠮ ᠣᠷᠴᠢᠮ ᠢᠳᠡᠪᠡᠯ ᠰᠠᠶᠢᠨ ᠪᠠᠶᠢᠳᠠᠭ  ᠃      ᠦᠨᠢᠶᠡᠨ ᠰᠦ+ ᠲᠠᠬᠢᠶᠠᠨ ᠥᠨᠳᠡᠭᠡ - ᠢᠳᠡᠭᠡᠨ ᠤᠮᠳᠠᠭᠠᠨ ᠳᠤ ᠤᠭᠤᠷᠠᠭ ᠳᠤᠲᠠᠭᠳᠠᠪᠠᠯ ᠪᠡᠶ᠎ᠡ ᠶᠢᠨ ᠦᠯᠤ ᠬᠠᠯᠳᠠᠭᠠᠬᠤ ᠴᠢᠳᠠᠪᠤᠷᠢ ᠪᠠᠭᠤᠷᠠᠨ᠎ᠠ᠃ ᠤᠭᠤᠷᠠᠭ ᠶᠡᠬᠡᠲᠡᠢ ᠢᠳᠡᠭᠡᠨ ᠲᠤᠩ ᠠᠷᠪᠢᠨ ᠪᠤᠢ᠂ ᠦᠨᠢᠶᠡᠨ ᠰᠦ᠂ ᠴᠠᠭᠠᠨ ᠢᠳᠡᠭᠡ᠂ ᠲᠠᠬᠢᠶᠠᠨ ᠥᠨᠳᠡᠭᠡ᠂ ᠮᠠᠯ ᠵᠢᠭᠦᠷᠲᠡᠨ ᠤ ᠮᠢᠬ᠎ᠠ᠂ ᠵᠢᠭᠠᠰᠤ᠂ ᠰᠠᠮ ᠬᠤᠷᠣᠬᠠᠢ᠂ ᠰᠢᠷ᠎ᠠ ᠪᠤᠷᠴᠠᠭ  ᠨᠢ ᠴᠥᠮ  ᠴᠢᠨᠠᠷᠯᠢᠭ  ᠤᠭᠤᠷᠠᠭ ᠤᠨ ᠰᠠᠶᠢᠨ ᠢᠷᠡᠯᠲᠡ ᠮᠥᠨ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号