ᠠᠷᠠᠳ ᠤᠨ ᠠᠮᠠᠨ ᠵᠣᠬᠢᠶᠠᠯ ᠢ ᠤᠯᠠᠮᠵᠢᠯᠠᠵᠤ ᠬᠡᠦᠬᠡᠳ ᠢ ᠰᠡᠬᠡᠭᠡᠷᠡᠭᠦᠯᠦᠨ ᠬᠥᠮᠥᠵᠢᠭᠦᠯᠬᠦ ᠲᠤᠬᠠᠢ
ᠨᠡᠶᠢᠲᠡᠯᠡᠭᠰᠡᠨ ᠴᠠᠭ᠄
2022/2/18
      ᠮᠣᠩᠭᠤᠯ ᠠᠷᠠᠳ ᠤᠨ ᠠᠮᠠᠨ ᠵᠣᠬᠢᠶᠠᠯ ᠪᠣᠯ ᠡᠷᠲᠡ ᠤᠵᠠᠭᠤᠷ ᠠᠴᠠ ᠤᠯᠠᠮᠵᠢᠯᠠᠭᠳᠠᠵᠤ ᠢᠷᠡᠭᠰᠡᠨ ᠠᠭᠤᠳᠠᠯᠠᠭᠠᠳ ᠪᠠᠷᠠᠰᠢ ᠦᠭᠡᠢ᠂ ᠡᠮᠬᠢᠯᠡᠨ ᠰᠤᠳᠤᠯᠤᠭᠠᠳ ᠳᠠᠭᠤᠰᠤᠰᠢ ᠦᠭᠡᠢ ᠳᠠᠯᠠᠢ ᠪᠠᠶᠠᠨ ᠰᠣᠶᠣᠯ ᠤᠨ ᠥᠪ ᠬᠥᠷᠥᠩᠭᠡ ᠶᠤᠮ᠃ ᠡᠨᠡ ᠬᠦ ᠰᠣᠶᠣᠯ ᠤᠨ ᠥᠪ ᠮᠢᠨᠢ ᠦᠷ᠎ᠡ ᠬᠤᠶᠢᠴᠢᠰ ᠢ ᠬᠥᠮᠥᠵᠢᠭᠦᠯᠦᠨ ᠰᠤᠷᠭᠠᠬᠤ ᠳᠤ ᠬᠡᠨ ᠴᠦ ᠣᠷᠣᠯᠠᠵᠤ ᠴᠢᠳᠠᠰᠢ ᠦᠭᠡᠢ  ᠠᠤᠭ᠎ᠠ ᠶᠡᠭᠡ ᠠᠴᠢ ᠲᠤᠰᠠ ᠪᠠᠨ ᠦᠵᠡᠭᠦᠯᠦᠭᠰᠡᠨ ᠶᠤᠮ᠃ ᠮᠣᠩᠭᠤᠯ ᠠᠷᠠᠳ  ᠤᠨ ᠠᠮᠠᠨ ᠵᠣᠬᠢᠶᠠᠯ ᠨᠢ ᠬᠡᠦᠬᠡᠳ ᠪᠠᠭᠠᠴᠤᠳ ᠢ ᠰᠤᠷᠭᠠᠨ ᠬᠥᠮᠥᠵᠢᠭᠦᠯᠬᠦ ᠳᠤ ᠠᠮᠢᠳᠤᠯᠢᠭ ᠪᠣᠳᠠᠲᠠᠢ ᠬᠢᠴᠢᠶᠡᠯ ᠪᠥᠭᠡᠳ ᠤᠯᠠᠮᠵᠢᠯᠠᠨ ᠰᠤᠷᠭᠠᠬᠤ ᠦᠨᠡᠲᠦ ᠬᠤᠪᠣᠷ ᠡᠯᠪᠡᠭ ᠪᠠᠶᠠᠯᠢᠭ ᠨᠣᠮ ᠤᠨ ᠬᠥᠮᠥᠷᠭᠡ ᠶᠤᠮ᠃            ᠨᠢᠭᠡ᠂ ᠠᠤᠭ᠎ᠠ ᠶᠡᠭᠡ ᠠᠮᠢᠵᠢᠷᠠᠯ ᠤᠨ ᠬᠦᠴᠦᠨ ᠲᠠᠢ                ᠮᠣᠩᠭᠤᠯ ᠠᠷᠠᠳ ᠤᠨ ᠠᠮᠠᠨ ᠵᠣᠬᠢᠶᠠᠯ ᠨᠢ ᠤᠷᠲᠤ ᠤᠳᠠᠭᠠᠨ ᠲᠡᠦᠬᠡᠨ ᠠᠶᠠᠯᠠᠯ ᠳᠤ ᠠᠷᠠᠳ ᠲᠦᠮᠡᠨ ᠤ ᠤᠢ ᠤᠶᠤᠨ ᠢᠶᠠᠷ ᠠᠮᠢᠯᠠᠭᠳᠠᠨ ᠥᠷᠭᠡᠨ ᠳᠡᠯᠭᠡᠷ ᠲᠠᠷᠬᠠᠵᠤ ᠭᠦᠨ ᠦᠨᠳᠦᠰᠦᠯᠡᠭᠰᠡᠨ ᠶᠤᠮ᠃ ᠮᠣᠩᠭᠤᠯᠴᠤᠳ ᠮᠣᠩᠭᠤᠯ ᠠᠷᠠᠳ ᠤᠨ ᠠᠮᠠᠨ ᠵᠣᠬᠢᠶᠠᠯ ᠢᠶᠠᠷ ᠤᠢ ᠪᠢᠯᠢᠭ ᠢᠶᠠᠨ ᠬᠤᠷᠴᠠᠯᠠᠵᠤ᠂ ᠲᠡᠦᠬᠡ ᠶᠢᠨ ᠬᠥᠭᠵᠢᠯ ᠤᠨ ᠶᠠᠪᠤᠴᠠ ᠳᠤ ᠲᠠᠰᠤᠷᠠᠯᠲᠠ ᠦᠭᠡᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠦᠷ᠎ᠡ ᠬᠤᠶᠢᠴᠢᠰ ᠤᠨ ᠢᠶᠠᠨ ᠤᠢ ᠤᠬᠠᠭᠠᠨ ᠢ ᠰᠡᠬᠡᠭᠡᠷᠡᠭᠦᠯᠵᠦ᠂ ᠤᠳᠬ᠎ᠠ ᠰᠣᠶᠣᠯ ᠤᠨ ᠠᠴᠢ ᠲᠤᠰᠠ ᠶᠢ ᠬᠦᠷᠲᠡᠭᠡᠵᠦ ᠢᠷᠡᠭᠰᠡᠨ ᠪᠢᠯᠡ᠃ ᠠᠷᠠᠳ ᠤᠨ ᠠᠮᠠᠨ ᠵᠣᠬᠢᠶᠠᠯ ᠨᠢ ᠤᠷᠳᠤ ᠤᠳᠠᠭᠠᠨ ᠲᠡᠦᠬᠡᠨ ᠠᠶᠠᠯᠠᠯ ᠳᠤ ᠤᠯᠠᠮᠵᠢᠯᠠᠭᠳᠠᠵᠤ᠂ ᠳᠠᠭᠤᠰᠤᠰᠢ ᠦᠭᠡᠢ ᠦᠷᠭᠦᠯᠵᠢᠯᠡᠵᠦ᠂ ᠠᠷᠠᠳ ᠲᠦᠮᠡᠨ ᠤ ᠤᠢ ᠤᠬᠠᠭᠠᠨ ᠢᠶᠠᠷ ᠪᠠᠶᠠᠯᠢᠭᠵᠢᠨ᠂ ᠬᠥᠮᠥᠰ ᠲᠤ ᠥᠪ ᠰᠣᠶᠣᠯ ᠤᠨ ᠡᠯᠴᠢ ᠪᠣᠯᠣᠭᠰᠠᠭᠠᠷ ᠢᠷᠡᠪᠡ᠃ ᠡᠨᠡ ᠬᠦ ᠠᠤᠭ᠎ᠠ ᠶᠡᠭᠡ ᠠᠮᠢᠵᠢᠷᠠᠯ ᠤᠨ ᠬᠦᠴᠦᠨ ᠢ ᠦᠷᠭᠦᠯᠵᠢᠯᠡᠨ ᠰᠡᠯᠪᠢᠵᠦ᠂ ᠬᠡᠦᠬᠡᠳ ᠪᠠᠭᠠᠴᠤᠳ ᠲᠤ ᠬᠥᠮᠥᠵᠢᠭᠦᠯᠦᠨ ᠰᠤᠷᠭᠠᠬᠤ ᠨᠢ ᠵᠦᠢ ᠶᠣᠰᠣᠨ ᠤ ᠡᠭᠦᠷᠭᠡ ᠬᠠᠷᠢᠭᠤᠴᠠᠯᠭ᠎ᠠ ᠪᠣᠯᠣᠨ᠎ᠠ᠃                  ᠬᠤᠶᠠᠷ᠂ ᠭᠦᠨ ᠵᠤᠵᠠᠭᠠᠨ ᠰᠣᠶᠣᠯ ᠤᠨ ᠬᠥᠷᠥᠰᠥ ᠲᠠᠢ            ᠮᠣᠩᠭᠤᠯ ᠠᠷᠠᠳ ᠤᠨ ᠠᠮᠠᠨ ᠵᠣᠬᠢᠶᠠᠯ ᠨᠢ ᠥᠷᠭᠡᠨ ᠠᠭᠤᠳᠠᠮ ᠲᠠᠯ᠎ᠠ ᠨᠤᠲᠤᠭ ᠤᠨ ᠰᠣᠶᠣᠯ ᠤᠨ ᠭᠦᠨ ᠵᠤᠵᠠᠭᠠᠨ ᠬᠥᠷᠥᠰᠥᠨ ᠳᠤ ᠰᠢᠮᠡᠳᠦᠨ ᠠᠮᠢᠯᠠᠵᠤ᠂ ᠠᠷᠠᠳ ᠲᠦᠮᠡᠨ ᠤ ᠠᠮᠢᠳᠤᠷᠠᠯ ᠦᠢᠯᠡᠰ ᠤᠨ ᠪᠡᠷᠬᠡ  ᠬᠠᠲᠠᠭᠤ ᠣᠷᠴᠢᠨ  ᠨᠥᠬᠦᠴᠡᠯ᠂ ᠨᠤᠭᠤᠷᠠᠯ ᠪᠦᠳᠦᠷᠢᠯ ᠲᠠᠢ ᠠᠶᠠᠯᠠᠯ᠂ ᠲᠡᠰᠪᠦᠷᠢ ᠪᠣᠷᠣᠭᠵᠢᠭᠤᠨ ᠵᠣᠷᠢᠭ ᠰᠠᠨᠠᠭ᠎ᠠ ᠶᠢ ᠭᠦᠨ ᠰᠢᠩᠭᠡᠭᠡᠵᠦ᠂ ᠬᠥᠮᠥᠰ ᠲᠤ ᠤᠶᠤᠨ ᠰᠠᠨᠠᠭᠠᠨ ᠤ ᠰᠦᠭ ᠰᠦᠨᠡᠰᠦ ᠪᠤᠯᠳᠠᠭ᠃ ᠮᠣᠩᠭᠤᠯ ᠠᠷᠠᠳ ᠤᠨ ᠠᠮᠠᠨ ᠵᠣᠬᠢᠶᠠᠯ ᠨᠢ ᠥᠨᠢ ᠤᠳᠠᠭᠠᠨ ᠲᠡᠦᠬᠡ ᠲᠠᠢ᠂ ᠠᠷᠠᠳ ᠤᠨ ᠳᠤᠮᠳᠠ ᠭᠦᠨ ᠦᠨᠳᠦᠰᠦᠯᠡᠵᠦ᠂ ᠠᠷᠠᠳ ᠤᠨ ᠤᠢ ᠪᠢᠯᠢᠭ ᠢᠶᠠᠷ ᠵᠣᠬᠢᠶᠠᠭᠳᠠᠵᠤ᠂ ᠠᠷᠠᠳ ᠤᠨ ᠢᠶᠠᠨ ᠳᠤᠮᠳᠠ ᠤᠯᠠᠮᠵᠢᠯᠠᠨ ᠳᠡᠯᠭᠡᠷᠡᠭᠰᠡᠨ ᠢᠶᠠᠷ ᠬᠡᠪᠴᠢᠶ᠎ᠡ ᠠᠭᠤᠳᠠᠮ᠂ ᠠᠭᠤᠯᠭ᠎ᠠ ᠪᠠᠶᠠᠯᠢᠭ᠂ ᠬᠤᠪᠢᠯᠪᠤᠷᠢ ᠤᠯᠠᠨ ᠪᠠᠶᠢᠳᠠᠭ᠃ ᠮᠣᠩᠭᠤᠯ ᠠᠷᠠᠳ ᠤᠨ ᠠᠮᠠᠨ ᠵᠣᠬᠢᠶᠠᠯ ᠳᠠᠬᠢ ᠦᠯᠢᠭᠡᠷ ᠳᠤᠮᠤᠭ ᠪᠦᠬᠦᠨ ᠨᠢ  ᠨᠢᠭᠡ ᠤᠳᠬ᠎ᠠ  ᠰᠠᠨᠠᠭ᠎ᠠ᠂  ᠤᠴᠢᠷ ᠶᠣᠰᠣ ᠶᠢ ᠠᠬᠤᠭᠤᠯᠤᠭᠰᠠᠨ ᠮᠡᠳᠡᠯᠭᠡ ᠲᠠᠢ ᠪᠠᠶᠢᠳᠠᠭ᠃                ᠭᠤᠷᠪᠠ᠂ ᠤᠬᠠᠭᠠᠷᠠᠭᠤᠯᠤᠨ ᠰᠡᠬᠡᠭᠡᠷᠡᠭᠦᠯᠬᠦ ᠷᠢᠳᠢ ᠰᠢᠳᠢ ᠲᠠᠢ          ᠮᠣᠩᠭᠤᠯ ᠠᠷᠠᠳ ᠤᠨ  ᠠᠮᠠᠨ  ᠵᠣᠬᠢᠶᠠᠯ ᠨᠢ ᠠᠷᠠᠳ ᠤᠨ ᠳᠤᠮᠳᠠ ᠦᠨᠳᠦᠰᠦᠯᠡᠭᠰᠡᠨ ᠪᠣᠯᠬᠤᠷ ᠬᠥᠮᠥᠰ ᠢ ᠤᠬᠠᠭᠠᠷᠠᠭᠤᠯᠤᠨ ᠰᠡᠬᠡᠭᠡᠷᠡᠭᠦᠯᠬᠦ ᠳᠤ ᠤᠬᠢ ᠰᠠᠶᠢᠨ ᠮᠠᠲ᠋ᠧᠷᠢᠶᠠᠯ ᠶᠤᠮ᠃ ᠵᠢᠱᠢᠶᠡᠯᠡᠬᠦ ᠳᠤ ︽ᠬᠡ ᠶᠢᠨ ᠪᠢᠴᠢᠭ︾ ᠭᠡᠬᠦ ᠦᠯᠢᠭᠡᠷ ᠲᠤ ᠪᠢᠴᠢᠭ ᠰᠠᠶᠢᠨ ᠰᠤᠷᠤᠭᠰᠠᠨ ᠦᠭᠡᠢ ᠬᠥᠮᠥᠨ ᠥᠪᠡᠷ ᠢᠶᠠᠨ ᠲᠡᠮᠳᠡᠭᠯᠡᠯ ᠬᠢᠵᠦ᠂ ᠬᠡᠳᠦᠨ ᠡᠳᠦᠷ ᠤᠨ ᠳᠠᠷᠠᠭ᠎ᠠ ᠥᠪᠡᠷ ᠢᠶᠠᠨ ᠦᠵᠡᠭᠡᠳ ᠤᠩᠰᠢᠵᠤ ᠴᠢᠳᠠᠬᠤ ᠦᠭᠡᠢ ᠪᠣᠯᠤᠭᠰᠠᠨ ᠤᠴᠢᠷ ᠢ ᠪᠢᠴᠢᠪᠡ᠃ ᠡᠨᠡ ᠨᠢ ᠬᠡᠳᠦᠶᠢᠪᠡᠷ ᠰᠤᠨᠤᠰᠬᠤ ᠳᠤ ᠢᠨᠢᠶᠡᠳᠦᠮ ᠲᠠᠢ ᠴᠦ ᠨᠣᠮ ᠪᠢᠴᠢᠭ ᠢ ᠬᠢᠨᠠᠮᠠᠭᠠᠢ ᠰᠠᠶᠢᠨ ᠰᠤᠷᠬᠤ᠂ ᠪᠢᠴᠢᠭ ᠨᠣᠮ ᠳᠤ ᠬᠢᠨᠠᠮᠠᠭᠠᠢ ᠬᠠᠨᠳᠤᠬᠤ ᠬᠡᠷᠡᠭᠲᠡᠢ ᠭᠡᠳᠡᠭ ᠤᠴᠢᠷ ᠶᠣᠰᠣ ᠶᠢ ᠬᠡᠯᠡᠵᠦ ᠰᠡᠬᠡᠭᠡᠷᠡᠭᠦᠯᠪᠡ᠃                ᠳᠥᠷᠪᠡ᠂ ᠳᠠᠭᠠᠭᠤᠯᠤᠨ ᠵᠢᠯᠤᠭᠤᠳᠬᠤ ᠦᠨ᠎ᠡ ᠴᠡᠨ᠎ᠡ ᠲᠠᠢ          ᠮᠣᠩᠭᠤᠯ ᠠᠷᠠᠳ ᠤᠨ ᠠᠮᠠᠨ ᠵᠣᠬᠢᠶᠠᠯ ᠨᠢ ᠬᠡᠦᠬᠡᠳ ᠪᠠᠭᠠᠴᠤᠳ ᠢ ᠰᠤᠷᠭᠠᠨ ᠬᠥᠮᠥᠵᠢᠭᠦᠯᠵᠦ᠂ ᠵᠥᠪ ᠲᠠᠯ᠎ᠠ  ᠪᠠᠷ ᠵᠢᠯᠤᠭᠤᠳᠬᠤ ᠳᠤ ᠨᠠᠨᠳᠢᠨ ᠦᠨ᠎ᠡ ᠴᠡᠨ᠎ᠡ ᠲᠠᠢ ᠪᠠᠶᠢᠳᠠᠭ᠃  ᠵᠢᠱᠢᠶᠡᠯᠡᠬᠦ ᠳᠤ ︽ᠬᠦᠦ ᠮᠢᠨᠢ ᠵᠠᠮ ᠲᠥᠭᠡᠷᠢᠨ᠎ᠡ︾ ᠭᠡᠬᠦ ᠦᠯᠢᠭᠡᠷ ᠲᠤ ᠠᠩᠬ᠎ᠠ ᠤᠷᠢᠳᠤ ᠶᠢᠨ ᠦᠶ᠎ᠡ ᠳᠤ ᠠᠴᠢᠯᠠᠯ ᠦᠭᠡᠢ ᠬᠦᠦ ᠠᠭᠰᠢᠷᠠᠭ᠎ᠠ ᠡᠵᠢ ᠶᠢ ᠪᠠᠨ ᠠᠭᠯᠠᠭ ᠠᠭᠤᠯᠠᠨ ᠳᠤ ᠬᠠᠶᠠᠬᠤ ᠪᠠᠷ ᠶᠠᠪᠤᠬᠤ ᠳᠤ ᠡᠵᠢ ᠨᠢ ᠮᠣᠳᠣᠨ ᠤ ᠰᠠᠯᠠᠭ᠎ᠠ ᠶᠢ ᠲᠠᠰᠤᠳᠠᠨ ᠵᠠᠮ ᠤᠨ ᠬᠠᠵᠠᠭᠤ ᠳᠤ ᠬᠠᠶᠠᠵᠤ ᠯᠡ ᠪᠠᠶᠢᠪᠠ᠃ ᠬᠦᠦ ᠨᠢ ᠦᠵᠡᠭᠡᠳ᠄ ︽ᠶᠠᠭᠤᠨ ᠳᠤ ᠮᠣᠳᠣᠨ ᠨᠠᠮᠠᠭ᠎ᠠ ᠶᠢ ᠲᠠᠰᠤᠳᠠᠨ ᠬᠠᠶᠠᠬᠤ ᠪᠤᠢ︖︾ ᠭᠡᠬᠦ   ᠳᠤ ᠡᠵᠢ   ᠨᠢ᠄ ︽ᠬᠦᠦ ᠮᠢᠨᠢ ᠪᠤᠴᠠᠬᠤ ᠵᠠᠮ ᠳᠤ ᠪᠠᠨ ᠵᠠᠮ ᠲᠥᠭᠡᠷᠢᠬᠦ ᠦᠭᠡᠢ ᠪᠢᠰᠢ ᠦᠦ︕︾ ᠭᠡᠵᠦ ᠬᠡᠯᠡᠭᠰᠡᠨ ᠪᠠᠶᠢᠳᠠᠭ᠃ ᠡᠨᠡ  ᠪᠣᠯ ᠡᠵᠢ ᠬᠥᠮᠥᠨ ᠤ ᠠᠭᠤᠤ ᠶᠡᠭᠡ ᠬᠠᠶᠢᠷ᠎ᠠ ᠶᠢ ᠨᠢᠳᠦᠨ ᠳᠤ ᠦᠵᠡᠭᠳᠡᠵᠦ  ᠴᠢᠬᠢᠨ ᠳᠤ ᠬᠠᠩᠭᠢᠨᠠᠮ᠎ᠠ ᠴᠡᠭᠡᠵᠢᠨ ᠳᠤ ᠬᠠᠳᠠᠩᠰᠢᠮᠠᠷ ᠰᠤᠷᠭᠠᠭᠰᠠᠨ ᠭᠡᠪᠡᠯ ᠨᠢᠭᠡ ᠯᠡ ᠦᠭᠡ᠃                ᠲᠠᠪᠤ  ᠂ ᠠᠭᠤᠳᠠᠯᠠᠭᠠᠳ ᠪᠠᠷᠠᠰᠢ ᠦᠭᠡᠢ ᠡᠷᠳᠡᠨᠢᠰ ᠤᠨ ᠰᠠᠩ                ᠮᠣᠩᠭᠤᠯ ᠠᠷᠠᠳ ᠤᠨ ᠠᠮᠠᠨ ᠵᠣᠬᠢᠶᠠᠯ ᠢ ᠠᠭᠤᠳᠠᠯᠠᠨ ᠡᠮᠬᠢᠯᠡᠬᠦ᠂ ᠦᠷᠭᠦᠯᠵᠢᠯᠡᠨ ᠤᠯᠠᠮᠵᠢᠯᠠᠨ ᠦᠪᠯᠡᠬᠦ ᠨᠢ ᠬᠠᠮᠲᠤ ᠶᠢᠨ ᠬᠠᠷᠢᠭᠤᠴᠠᠯᠭ᠎ᠠ ᠪᠤᠯᠬᠤ ᠶᠤᠮ᠃ ᠬᠤᠶᠢᠰᠢᠳᠠ ᠮᠣᠩᠭᠤᠯ ᠠᠷᠠᠳ ᠤᠨ ᠠᠮᠠᠨ ᠵᠣᠬᠢᠶᠠᠯ ᠢ ᠦᠷᠭᠦᠯᠵᠢᠯᠡᠨ ᠰᠤᠳᠤᠯᠤᠨ ᠬᠤᠷᠠᠮᠳᠤᠭᠤᠯᠵᠤ᠂ ᠥᠷᠭᠡᠨ  ᠳᠡᠯᠭᠡᠷ ᠨᠡᠶᠢᠭᠡᠮ ᠤᠨ ᠪᠠᠶᠢᠴᠠᠭᠠᠯᠲᠠ ᠬᠢᠵᠦ᠂ ᠬᠡᠦᠬᠡᠳ ᠪᠠᠭᠠᠴᠤᠳ ᠲᠤ ᠥᠪᠯᠡᠨ ᠤᠯᠠᠮᠵᠢᠯᠠᠬᠤ ᠴᠢᠬᠤᠯᠠ ᠡᠭᠦᠷᠭᠡ ᠪᠣᠯᠭᠠᠨ ᠠᠳᠬᠤᠪᠠᠯ ᠵᠣᠬᠢᠨ᠎ᠠ᠃    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号