ᠥᠪᠦᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/3/14
      3 ᠰᠠᠷ᠎ᠠ ᠶᠢᠨ 10 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠵᠡᠢ᠂ ᠡᠭᠦᠨ ᠳᠤ ᠬᠥᠬᠡᠬᠤᠲᠠ ᠳᠤ 1᠂ ᠠᠯᠠᠱᠠ ᠠᠶᠢᠮᠠᠭ ᠲᠤ 1 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠪᠠᠶᠢᠭᠰᠠᠨ ᠠᠴᠠ ᠪᠠᠨ ᠲᠣᠳᠤᠯᠠᠭᠰᠠᠨ ᠡᠪᠡᠳᠴᠢᠨ ᠤ ᠵᠢᠱᠢᠶ᠎ᠡ ᠪᠤᠯᠤᠭᠰᠠᠨ︶ ᠪᠤᠢ᠃ ᠲᠤᠬᠠᠢ ᠶᠢᠨ ᠭᠠᠵᠠᠷ ᠤᠨ 27 ᠲᠣᠳᠤᠯᠠᠭᠰᠠᠨ ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 26᠂ ᠪᠤᠭᠤᠲᠤ ᠬᠤᠲᠠ ᠳᠤ 1᠃      3 ᠰᠠᠷ᠎ᠠ ᠶᠢᠨ 10 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠤ ᠪᠠᠶᠢᠭ᠎ᠠ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 123 ᠪᠠᠶᠢᠵᠤ᠂ ᠡᠭᠦᠨ ᠳᠤ ᠬᠥᠬᠡᠬᠤᠲᠠ ᠳᠤ 89᠂ ᠪᠤᠭᠤᠲᠤ ᠬᠤᠲᠠ ᠳᠤ 18᠂ ᠬᠦᠯᠦᠨ ᠪᠤᠶᠢᠷ ᠬᠤᠲᠠ ᠳᠤ 10᠂ ᠣᠷᠳᠣᠰ ᠬᠤᠲᠠ ᠳᠤ 3᠂ ᠪᠠᠶᠠᠨᠨᠠᠭᠤᠷ ᠬᠤᠲᠠ ᠳᠤ 1᠂ ᠠᠯᠠᠱᠠ ᠠᠶᠢᠮᠠᠭ ᠲᠤ 2 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠪᠠᠶᠠᠨᠨᠠᠭᠤᠷ ᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠤᠭᠲᠠᠭᠰᠠᠨ ᠭᠠᠵᠠᠷ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃      2 ᠰᠠᠷ᠎ᠠ ᠶᠢᠨ 15 ᠤ ᠡᠳᠦᠷ ᠠᠴᠠ ᠨᠠᠭᠠᠰᠢ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠭᠰᠡᠨ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠨᠡᠶᠢᠲᠡ 473 ᠪᠠᠶᠢᠵᠤ᠂ ᠡᠭᠦᠨ ᠳᠤ ᠬᠥᠬᠡᠬᠤᠲᠠ ᠳᠤ 426᠂ ᠪᠤᠭᠤᠲᠤ ᠬᠤᠲᠠ ᠳᠤ 25᠂ ᠬᠦᠯᠦᠨ ᠪᠤᠶᠢᠷ ᠬᠤᠲᠠ ᠳᠤ 14᠂ ᠣᠷᠳᠣᠰ ᠬᠤᠲᠠ ᠳᠤ 3᠂ ᠪᠠᠶᠠᠨᠨᠠᠭᠤᠷ ᠬᠤᠲᠠ ᠳᠤ 3᠂ ᠠᠯᠠᠱᠠ ᠠᠶᠢᠮᠠᠭ ᠲᠤ 2 ᠪᠤᠢ᠃ ᠢᠯᠡᠷᠢᠰᠢᠵᠦ ᠡᠮᠨᠡᠯᠭᠡ ᠠᠴᠠ ᠭᠠᠷᠤᠭᠰᠠᠨ ᠡᠪᠡᠳᠴᠢᠲᠡᠨ ᠨᠡᠶᠢᠲᠡ 350 ᠪᠠᠶᠢᠨ᠎ᠠ᠂ ᠡᠭᠦᠨ ᠳᠤ ᠬᠥᠬᠡᠬᠤᠲᠠ ᠳᠤ 337᠂ ᠪᠤᠭᠤᠲᠤ ᠬᠤᠲᠠ ᠳᠤ 7᠂ ᠬᠦᠯᠦᠨ ᠪᠤᠶᠢᠷ ᠬᠤᠲᠠ ᠳᠤ 4᠂ ᠪᠠᠶᠠᠨᠨᠠᠭᠤᠷ ᠬᠤᠲᠠ ᠳᠤ 2 ᠪᠤᠢ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号