3 ᠰᠠᠷ᠎ᠠ ᠶᠢᠨ 14 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ 15 ᠲᠣᠳᠣᠯᠠᠭᠰᠠᠨ ᠡᠪᠳᠴᠴᠢᠨ ᠤ ᠵᠢᠱᠢᠶ᠎ᠡ | ᠢᠯᠠᠷᠢᠰᠢᠵᠤ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 10᠂ ᠪᠤᠭᠤᠲᠤ ᠬᠤᠲᠠ ᠳᠤ 5 ᠪᠣᠢ᠃ | 3 ᠰᠠᠷ᠎ᠠ ᠶᠢᠨ 14 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠣᠳᠣ ᠪᠠᠶᠢᠭ᠎ᠠ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 45 ᠪᠠᠶᠢᠵᠤ᠂ | ᠡᠭᠦᠨ ᠳᠤ ᠬᠥᠬᠡᠬᠤᠲᠠ ᠳᠤ 22᠂ ᠪᠤᠭᠤᠲᠤ ᠬᠤᠲᠠ ᠳᠤ 10᠂ ᠬᠥᠯᠥᠨ ᠪᠤᠶᠢᠷ ᠬᠤᠲᠠ ᠳᠤ 8᠂ ᠣᠷᠳᠣᠰ | ᠬᠤᠲᠠ ᠳᠤ 3᠂ ᠠᠯᠠᠱᠠ ᠠᠶᠢᠮᠠᠭ ᠲᠤ 2 ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠢᠯ ᠦᠭᠡᠢ | ᠬᠠᠯᠳᠠᠪᠤᠷᠢᠯᠠᠭᠳᠠᠭᠴᠢ 1 ︵ᠪᠠᠶᠠᠨᠨᠠᠭᠤᠷ ᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠤᠯᠠᠭᠠᠨᠬᠠᠳᠠ ᠬᠤᠲᠠ ᠳᠤ︶ ᠪᠣᠢ᠃ ᠪᠥᠬᠦᠨ ᠢ | ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ | ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ | ᠰᠡᠷᠭᠡᠶᠢᠯᠡᠵᠦ ᠪᠠᠶᠢᠨ᠎ᠠ᠃ | 2 ᠰᠠᠷ᠎ᠠ ᠶᠢᠨ 15 ᠤ ᠡᠳᠦᠷ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠮᠡᠳᠡᠭᠦᠯᠦᠭᠰᠡᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠨᠡᠶᠢᠲᠡ 475 ᠪᠠᠶᠢᠵᠤ᠂ | ᠡᠭᠦᠨ ᠳᠤ ᠬᠥᠬᠡᠬᠤᠲᠠ ᠳᠤ 427᠂ ᠪᠤᠭᠤᠲᠤ ᠬᠤᠲᠠ ᠳᠤ 25᠂ ᠬᠥᠯᠥᠨ ᠪᠤᠶᠢᠷ ᠬᠤᠲᠠ ᠳᠤ 15᠂ ᠣᠷᠳᠣᠰ | ᠬᠤᠲᠠ ᠳᠤ 3 ᠪᠠᠶᠠᠨᠨᠠᠭᠤᠷ ᠬᠤᠲᠠ ᠳᠤ 3᠂ ᠠᠯᠠᠱᠠ ᠠᠶᠢᠮᠠᠭ ᠲᠤ 2 ᠪᠣᠢ᠃ ᠢᠯᠠᠷᠢᠰᠢᠵᠤ ᠡᠮᠨᠡᠯᠭᠡ ᠠᠴᠠ | ᠭᠠᠷᠤᠭᠰᠠᠨ ᠡᠪᠡᠳᠴᠢᠲᠡᠨ ᠨᠡᠶᠢᠲᠡ 430 ᠪᠠᠶᠢᠨ᠎ᠠ᠂ ᠡᠭᠦᠨ ᠳᠤ ᠬᠥᠬᠡᠬᠤᠲᠠ ᠳᠤ 405᠂ ᠪᠤᠭᠤᠲᠤ ᠬᠤᠲᠠ ᠳᠤ | 15᠂ ᠬᠥᠯᠥᠨ ᠪᠤᠶᠢᠷ ᠬᠤᠲᠠ ᠳᠤ 7᠂ ᠪᠠᠶᠠᠨᠨᠠᠭᠤᠷ ᠬᠤᠲᠠ ᠳᠤ 3 ᠪᠣᠢ᠃ |