ᠥᠪᠦᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/3/7
      3 ᠰᠠᠷ᠎ᠠ ᠶᠢᠨ 3 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠤᠯᠠᠭᠰᠠᠨ ᠡᠪᠡᠳᠴᠢᠨ ᠤ ᠵᠢᠱᠢᠶ᠎ᠡ 9 ᠨᠡᠮᠡᠭᠳᠡᠵᠡᠢ᠂ ᠴᠥᠮ ᠬᠥᠬᠡᠬᠤᠲᠠ ᠳᠤ ᠪᠤᠢ᠃ ᠲᠤᠬᠠᠢ ᠶᠢᠨ ᠭᠠᠵᠠᠷ ᠤᠨ 20 ᠲᠣᠳᠤᠯᠠᠭᠰᠠᠨ ᠡᠪᠡᠳᠴᠢᠨ ᠤ ᠵᠢᠱᠢᠶ᠎ᠡ ︵ᠴᠥᠮ ᠬᠥᠬᠡᠬᠤᠲᠠ ᠳᠤ ᠪᠤᠢ︶ ᠢᠯᠡᠷᠢᠰᠢᠵᠦ ᠡᠮᠨᠡᠯᠭᠡ ᠠᠴᠠ ᠭᠠᠷᠪᠠ᠃      3 ᠰᠠᠷ᠎ᠠ ᠶᠢᠨ 3 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠤ ᠪᠠᠶᠢᠭ᠎ᠠ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 309 ᠪᠠᠶᠢᠵᠤ᠂ ᠡᠭᠦᠨ ᠳᠤ ᠬᠥᠬᠡᠬᠤᠲᠠ ᠳᠤ 280᠂ ᠪᠤᠭᠤᠲᠤ ᠬᠤᠲᠠ ᠳᠤ 20᠂ ᠬᠦᠯᠦᠨ ᠪᠤᠶᠢᠷ ᠬᠤᠲᠠ ᠳᠤ 7᠂ ᠪᠠᠶᠠᠨᠨᠠᠭᠤᠷ ᠬᠤᠲᠠ ᠳᠤ 2 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠪᠠᠶᠢᠵᠤ ︵ᠪᠠᠶᠠᠨᠨᠠᠭᠤᠷ ᠬᠤᠲᠠ ᠳᠤ ᠪᠤᠢ︶᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠲᠦᠩᠯᠢᠶᠣᠣ ᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠤᠭᠲᠠᠭᠰᠠᠨ ᠭᠠᠵᠠᠷ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃      2 ᠰᠠᠷ᠎ᠠ ᠶᠢᠨ 15 ᠤ ᠡᠳᠦᠷ ᠠᠴᠠ ᠨᠠᠭᠠᠰᠢ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠭᠰᠡᠨ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠨᠡᠶᠢᠲᠡ 439 ᠪᠠᠶᠢᠵᠤ᠂ ᠡᠭᠦᠨ ᠳᠤ ᠬᠥᠬᠡᠬᠤᠲᠠ ᠳᠤ 403᠂ ᠪᠤᠭᠤᠲᠤ ᠬᠤᠲᠠ ᠳᠤ 24᠂ ᠬᠦᠯᠦᠨ ᠪᠤᠶᠢᠷ ᠬᠤᠲᠠ ᠳᠤ 9᠂ ᠪᠠᠶᠠᠨᠨᠠᠭᠤᠷ ᠬᠤᠲᠠ ᠳᠤ 3 ᠪᠤᠢ᠃ ᠢᠯᠡᠷᠢᠰᠢᠵᠦ ᠡᠮᠨᠡᠯᠭᠡ ᠠᠴᠠ ᠭᠠᠷᠤᠭᠰᠠᠨ ᠡᠪᠡᠳᠴᠢᠲᠡᠨ ᠨᠡᠶᠢᠲᠡ 130 ᠪᠠᠶᠢᠨ᠎ᠠ᠂ ᠡᠭᠦᠨ ᠳᠤ ᠬᠥᠬᠡᠬᠤᠲᠠ ᠳᠤ 123᠂ ᠬᠦᠯᠦᠨ ᠪᠤᠶᠢᠷ ᠬᠤᠲᠠ ᠳᠤ 2᠂ ᠪᠤᠭᠤᠲᠤ ᠬᠤᠲᠠ ᠳᠤ 4᠂ ᠪᠠᠶᠠᠨᠨᠠᠭᠤᠷ ᠬᠤᠲᠠ ᠳᠤ 1 ᠪᠤᠢ᠃
 
ᠢᠷᠡᠯᠲᠡ᠄ ᠦᠪᠦᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号