ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/3/9
      3 ᠰᠠᠷ᠎ᠠ ᠶᠢᠨ 8 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠶ ᠶᠢᠨ ᠭᠠᠵᠠᠷ ᠤᠨ ᠳᠣᠲᠣᠯᠠᠭᠰᠠᠨ ᠡᠪᠡᠳᠴᠢᠨ ᠤ ᠵᠢᠱᠢᠶ᠎ᠡ 3 ᠨᠡᠮᠡᠭᠳᠡᠵᠡᠶ᠂ ᠡᠭᠦᠨ ᠳᠤ ᠬᠦᠬᠡᠬᠤᠳᠠ ᠳᠤ 2᠂ ᠠᠯᠠᠱᠠ ᠠᠶᠢᠮᠠᠭ ᠲᠤ 1 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠠᠯᠠᠱᠠ ᠠᠶᠢᠮᠠᠭ ᠲᠤ︶ ᠨᠡᠮᠡᠭᠳᠡᠵᠡᠢ᠃ ᠳᠤᠬᠠᠢ ᠶᠢᠨ ᠭᠠᠵᠠᠷ ᠤᠨ 35 ᠳᠤᠳᠤᠯᠠᠭᠰᠠᠨ ᠡᠪᠡᠳᠴᠢᠨ ᠤ ᠵᠢᠱᠢᠶ᠎ᠡ ︵ᠴᠦᠮ ᠬᠦᠬᠡᠬᠤᠳᠠ ᠳᠤ ᠪᠤᠢ︶ ᠢᠯᠡᠷᠢᠰᠢᠵᠤ ᠡᠮᠨᠡᠯᠭᠡ ᠠᠴᠠ ᠭᠠᠷᠪᠠ᠃      3 ᠰᠠᠷ᠎ᠠ ᠶᠢᠨ 8 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠪᠠᠶᠢᠭ᠎ᠠ ᠲᠤᠬᠠᠶ ᠶᠢᠨ ᠭᠠᠵᠠᠷ ᠤᠨ ᠳᠣᠲᠣᠯᠠᠭᠰᠠᠨ ᠡᠪᠡᠳᠴᠢᠨ ᠤ ᠵᠢᠱᠢᠶ᠎ᠡ 165 ᠪᠠᠶᠢᠵᠦ᠂ ᠡᠬᠦᠨ ᠳᠤ ᠬᠥᠬᠡᠬᠤᠲᠠ ᠳᠤ 130᠂ ᠪᠤᠭᠤᠳᠦ ᠬᠤᠳᠠ ᠳᠤ 20᠂ ᠬᠦᠯᠦᠨ ᠪᠤᠶᠢᠷ ᠬᠤᠳᠠ ᠳᠤ 10᠂ ᠣᠷᠳᠤᠰ ᠬᠤᠲᠠ ᠳᠤ 3᠂ ᠪᠠᠶᠠᠨᠨᠠᠭᠤᠷ ᠬᠤᠳᠠ ᠳᠤ 1᠂ ᠠᠯᠠᠱᠠ ᠠᠶᠢᠮᠠᠭ ᠲᠤ 1 ᠪᠤᠢ᠃ ᠳᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠬᠴᠢ 2 ᠪᠠᠶᠢᠵᠤ᠂ ᠡᠭᠦᠨ ᠳᠤ ᠪᠠᠶᠠᠨᠨᠠᠭᠤᠷ ᠬᠤᠳᠠ ᠳᠤ 1᠂ ᠠᠯᠠᠱᠠ ᠠᠶᠢᠮᠠᠭ ᠲᠤ 1 ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠶ᠃      2 ᠰᠠᠷ᠎ᠠ ᠶᠢᠨ 15 ᠤ ᠡᠳᠦᠷ ᠠᠴᠠ ᠨᠠᠭᠠᠰᠢ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠮᠡᠳᠡᠭᠦᠯᠦᠭᠰᠡᠨ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠨᠡᠶᠢᠲᠡ 468 ᠪᠠᠶᠢᠵᠤ᠂ ᠡᠭᠦᠨ ᠳᠤ ᠬᠦᠬᠡᠬᠤᠳᠠ ᠳᠤ 422᠂ ᠪᠣᠭᠤᠲᠤ ᠬᠤᠲᠠ ᠳᠤ 25᠂ ᠬᠦᠯᠦᠨ ᠪᠤᠶᠢᠷ ᠬᠤᠲᠠ ᠳᠤ 14᠂ ᠣᠷᠳᠤᠰ ᠬᠤᠲᠠ ᠳᠤ 3᠂ ᠪᠠᠶᠠᠨᠨᠠᠭᠤᠷ ᠬᠤᠲᠠ ᠳᠤ 3᠂ ᠠᠯᠠᠱᠠ ᠠᠶᠢᠮᠠᠭ ᠲᠤ 1 ᠪᠤᠢ᠃ ᠢᠯᠡᠷᠢᠰᠢᠵᠦ ᠡᠮᠨᠡᠯᠭᠡ ᠠᠴᠠ ᠭᠠᠷᠤᠭᠰᠠᠨ ᠡᠪᠡᠳᠴᠢᠲᠡᠨ ᠨᠡᠶᠢᠲᠡ 303 ᠪᠠᠶᠢᠨ᠎ᠠ᠂ ᠡᠭᠦᠨ ᠳᠤ ᠬᠦᠬᠡᠬᠤᠳᠠ ᠳᠤ 292᠂ ᠪᠣᠭᠤᠲᠤ ᠬᠤᠲᠠ ᠳᠤ 5᠂ ᠬᠦᠯᠦᠨ ᠪᠤᠶᠢᠷ ᠬᠤᠲᠠ ᠳᠤ 4᠂ ᠪᠠᠶᠠᠨᠨᠠᠭᠤᠷ ᠬᠤᠲᠠ ᠳᠤ 2 ᠪᠤᠢ᠃    
 
ᠢᠷᠡᠯᠲᠡ᠄ ᠦᠪᠦᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号