4 ᠰᠠᠷ᠎ᠠ ᠶᠢᠨ 7 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠳᠤ ᠲᠤᠬᠠᠢ ᠶᠢᠨ | ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠵᠦ᠂ ᠡᠭᠦᠨ ᠳᠤ ᠬᠢᠩᠭᠠᠨ ᠠᠶᠢᠮᠠᠭ ᠲᠤ 1᠂ | ᠲᠦᠩᠯᠢᠶᠣᠣ ᠬᠤᠲᠠ ᠳᠤ 1 ᠪᠤᠢ ︵ᠴᠦᠮ ᠲᠦᠪᠯᠡᠷᠡᠭᠦᠯᠦᠨ ᠲᠤᠰᠠᠭᠠᠷᠯᠠᠬᠤ ᠴᠡᠭ ᠤᠨ ᠪᠦᠭᠡᠮ ᠬᠦᠴᠢᠯ ᠤᠨ | ᠪᠠᠶᠢᠴᠠᠭᠠᠯᠲᠠ ᠪᠠᠷ ᠢᠯᠡᠷᠡᠭᠦᠯᠪᠡ︶᠃ 3 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢ ᠠᠨᠠᠭᠠᠬᠤ | ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠬᠦᠬᠡᠬᠤᠳᠠ ᠳᠤ 1᠂ ᠲᠦᠩᠯᠢᠶᠣᠣ ᠬᠤᠲᠠ ᠳᠤ 2 ᠪᠤᠢ᠃ | | 4 ᠰᠠᠷ᠎ᠠ ᠶᠢᠨ 7 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠣᠲᠣ ᠪᠠᠶᠢᠭ᠎ᠠ ᠲᠤᠬᠠᠶ ᠶᠢᠨ ᠭᠠᠵᠠᠷ ᠤᠨ ᠳᠣᠲᠣᠯᠠᠭᠰᠠᠨ ᠡᠪᠡᠳᠴᠢᠨ ᠤ ᠵᠢᠱᠢᠶ᠎ᠡ 9 ᠪᠠᠶᠢᠵᠦ᠂ | ᠡᠬᠦᠨ ᠳᠤ ᠬᠥᠬᠡᠬᠤᠲᠠ ᠳᠤ 1᠂ ᠬᠢᠩᠭᠠᠨ ᠠᠶᠢᠮᠠᠭ ᠲᠤ 1᠂ ᠲᠦᠩᠯᠢᠶᠣᠣ ᠬᠤᠲᠠ ᠳᠤ 6᠂ ᠤᠯᠠᠭᠠᠨᠬᠠᠳᠠ ᠳᠤ 1 | ᠪᠤᠢ᠃ ᠳᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠬᠴᠢ 15 ᠪᠠᠶᠢᠵᠤ᠂ ᠡᠭᠦᠨ ᠳᠤ | ᠬᠦᠬᠡᠬᠤᠳᠠ ᠳᠤ 8᠂ ᠲᠦᠩᠯᠢᠶᠣᠣ ᠬᠤᠲᠠ ᠳᠤ 7 ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ | ᠲᠣᠳᠤᠯᠠᠭᠰᠠᠨ ᠡᠪᠡᠳᠴᠢᠨ ᠤ ᠵᠢᠱᠢᠶ᠎ᠡ 1 ︵ᠤᠯᠠᠭᠠᠨᠬᠠᠳᠠ ᠬᠤᠲᠠ ᠳᠤ︶ ᠪᠣᠢ᠃ ᠪᠦᠬᠦᠨ ᠢ ᠲᠣᠭᠲᠠᠭᠰᠠᠨ | ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ | ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ | ᠪᠤᠢ᠃ | 2 ᠰᠠᠷ᠎ᠠ ᠶᠢᠨ 15 ᠤ ᠡᠳᠦᠷ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠮᠡᠳᠡᠭᠦᠯᠦᠭᠰᠡᠨ ᠲᠤᠬᠠᠶ ᠶᠢᠨ ᠭᠠᠵᠠᠷ ᠤᠨ ᠳᠣᠲᠣᠯᠠᠭᠰᠠᠨ ᠡᠪᠡᠳᠴᠢᠨ ᠤ ᠵᠢᠱᠢᠶ᠎ᠡ ᠨᠡᠶᠢᠲᠡ 495 ᠪᠠᠶᠢᠵᠤ᠂ | ᠡᠭᠦᠨ ᠳᠤ ᠬᠥᠬᠡᠬᠤᠲᠠ ᠳᠤ 436᠂ ᠪᠤᠭᠤᠲᠤ ᠬᠤᠲᠠ ᠳᠤ 25᠂ ᠬᠥᠯᠥᠨ ᠪᠤᠶᠢᠷ ᠬᠤᠲᠠ ᠳᠤ 15᠂ ᠬᠢᠩᠭᠠᠨ | ᠠᠶᠢᠮᠠᠭ ᠲᠤ 1᠂ ᠲᠦᠩᠯᠢᠶᠣᠣ ᠬᠤᠲᠠ ᠳᠤ 9᠂ ᠤᠯᠠᠭᠠᠨᠬᠠᠳᠠ ᠬᠤᠲᠠ ᠳᠤ 1᠂ ᠤᠷᠳᠤᠰ ᠬᠤᠲᠠ ᠳᠤ 3᠂ | ᠪᠠᠶᠠᠨᠨᠠᠭᠤᠷ ᠬᠤᠲᠠ ᠳᠤ 3᠂ ᠠᠯᠠᠱᠠ ᠠᠶᠢᠮᠠᠬ ᠲᠤ 2 ᠪᠣᠶ᠃ ᠢᠯᠡᠷᠢᠰᠢᠵᠤ ᠡᠮᠨᠡᠯᠭᠡ ᠠᠴᠠ ᠭᠠᠷᠤᠭᠰᠠᠨ | ᠡᠪᠡᠳᠴᠢᠲᠡᠨ ᠨᠡᠶᠢᠲᠡ 486 ᠪᠠᠶᠢᠨ᠎ᠠ᠂ ᠡᠭᠦᠨ ᠳᠤ ᠬᠥᠬᠡᠬᠤᠲᠠ ᠳᠤ 435᠂ ᠪᠤᠭᠤᠲᠤ ᠬᠤᠲᠠ ᠳᠤ 25᠂ | ᠬᠥᠯᠥᠨ ᠪᠤᠶᠢᠷ ᠬᠤᠲᠠ ᠳᠤ 15᠂ ᠲᠦᠩᠯᠢᠶᠣᠣ ᠬᠤᠲᠠ ᠳᠤ 3᠂ ᠣᠷᠳᠤᠰ ᠬᠤᠲᠠ ᠳᠤ 3᠂ ᠪᠠᠶᠠᠨᠨᠠᠭᠤᠷ | ᠬᠤᠲᠠ ᠳᠤ 3᠂ ᠠᠯᠠᠱᠠ ᠠᠶᠢᠮᠠᠭ ᠲᠤ 2 ᠪᠣᠶ᠃ |