4 ᠰᠠᠷ᠎ᠠ ᠶᠢᠨ 10 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠳᠤ | ᠲᠤᠬᠠᠢ ᠶᠢᠨ ᠭᠠᠵᠠᠷ ᠤᠨ ᠲᠣᠳᠣᠯᠠᠭᠰᠠᠨ 2 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠴᠤ ︵ᠴᠥᠮ | ᠲᠦᠩᠯᠢᠶᠣᠣ ᠬᠤᠲᠠ ᠳᠤ ᠪᠤᠢ︶᠂ ᠲᠤᠬᠠᠢ ᠶᠢᠨ ᠭᠠᠵᠠᠷ ᠤᠨ 5 ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ ︵ᠴᠥᠮ ᠲᠦᠩᠯᠢᠶᠣᠣ ᠬᠤᠲᠠ ᠳᠤ ᠪᠤᠢ︶ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ | ᠭᠠᠷᠭᠠᠪᠠ᠃ | 4 ᠰᠠᠷ᠎ᠠ ᠶᠢᠨ 10 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠣᠳᠣ ᠪᠠᠶᠢᠭ᠎ᠠ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 7 ᠪᠠᠶᠢᠵᠤ᠂ | ᠡᠭᠦᠨ ᠳᠤ ᠬᠥᠬᠡᠬᠤᠲᠠ ᠳᠤ 1᠂ ᠬᠢᠩᠭᠠᠨ ᠠᠶᠢᠮᠠᠭ ᠲᠤ 1᠂ ᠲᠦᠩᠯᠢᠶᠣᠣ ᠬᠤᠲᠠ ᠳᠤ 4᠂ ᠤᠯᠠᠭᠠᠨᠬᠠᠳᠠ ᠳᠤ 1 | ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 7 ᠪᠠᠶᠢᠵᠤ᠂ ᠡᠭᠦᠨ ᠳᠤ | ᠬᠥᠬᠡᠬᠤᠲᠠ ᠳᠤ 4᠂ ᠬᠢᠩᠭᠠᠨ ᠠᠶᠢᠮᠠᠭ ᠲᠤ 1᠂ ᠲᠦᠩᠯᠢᠶᠣᠣ ᠬᠤᠲᠠ ᠳᠤ 2 ᠪᠤᠢ᠃ ᠬᠢᠯᠢ ᠶᠢᠨ ᠭᠠᠳᠠᠨ᠎ᠠ ᠠᠴᠠ | ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠤᠯᠠᠭᠠᠨᠬᠠᠳᠠ ᠳᠤ︶ ᠪᠤᠢ᠃ ᠪᠦᠬᠦᠨ ᠢ | ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ | ᠲᠣᠭᠲᠠᠭᠰᠠᠨ ᠭᠠᠵᠠᠷ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ | ᠰᠡᠷᠭᠡᠶᠢᠯᠡᠵᠦ ᠪᠤᠢ᠃ | 2 ᠰᠠᠷ᠎ᠠ ᠶᠢᠨ 15 ᠤ ᠡᠳᠦᠷ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠮᠡᠳᠡᠭᠦᠯᠦᠭᠰᠡᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠨᠡᠶᠢᠲᠡ 495 ᠪᠠᠶᠢᠵᠤ᠂ | ᠡᠭᠦᠨ ᠳᠤ ᠬᠥᠬᠡᠬᠤᠲᠠ ᠳᠤ 436᠂ ᠪᠣᠭᠤᠲᠤ ᠬᠤᠲᠠ ᠳᠤ 25᠂ ᠬᠦᠯᠦᠨ ᠪᠤᠶᠢᠷ ᠬᠤᠲᠠ ᠳᠤ 15᠂ ᠬᠢᠩᠭᠠᠨ | ᠠᠶᠢᠮᠠᠭ ᠲᠤ 1᠂ ᠲᠦᠩᠯᠢᠶᠣᠣ ᠬᠤᠲᠠ ᠳᠤ 9᠂ ᠤᠯᠠᠭᠠᠨᠬᠠᠳᠠ ᠬᠤᠲᠠ ᠳᠤ 1᠂ ᠣᠷᠳᠣᠰ ᠬᠤᠲᠠ ᠳᠤ 3᠂ | ᠪᠠᠶᠠᠨᠨᠠᠭᠤᠷ ᠬᠤᠲᠠ ᠳᠤ 3᠂ ᠠᠯᠠᠱᠠ ᠠᠶᠢᠮᠠᠭ ᠲᠤ 2 ᠪᠤᠢ᠃ ᠢᠯᠡᠷᠢᠰᠢᠵᠦ ᠡᠮᠨᠡᠯᠭᠡ ᠠᠴᠠ ᠭᠠᠷᠤᠭᠰᠠᠨ | ᠡᠪᠡᠳᠴᠢᠲᠡᠨ ᠨᠡᠶᠢᠲᠡ 488 ᠪᠠᠶᠢᠨ᠎ᠠ᠂ ᠡᠭᠦᠨ ᠳᠤ ᠬᠥᠬᠡᠬᠤᠲᠠ ᠳᠤ 435᠂ ᠪᠣᠭᠤᠲᠣ ᠬᠤᠲᠠ ᠳᠤ 25᠂ | ᠬᠦᠯᠦᠨ ᠪᠤᠶᠢᠷ ᠬᠤᠲᠠ ᠳᠤ 15᠂ ᠲᠦᠩᠯᠢᠶᠣᠣ ᠬᠤᠲᠠ ᠳᠤ 5᠂ ᠣᠷᠳᠣᠰ ᠬᠤᠲᠠ ᠳᠤ 3᠂ ᠪᠠᠶᠠᠨᠨᠠᠭᠤᠷ | ᠬᠤᠲᠠ ᠳᠤ 3᠂ ᠠᠯᠠᠱᠠ ᠠᠶᠢᠮᠠᠭ ᠲᠤ 2 ᠪᠤᠢ᠃ |