ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨ ᠦᠵᠦᠮᠦᠴᠢᠨ ᠬᠤᠰᠢᠭᠤᠨ ᠤ ᠬᠤᠪᠢᠶᠠᠷᠢ ᠲᠣᠪᠴᠢᠶ᠎ᠠ ᠲᠤᠬᠠᠶ ᠶᠢᠨ ᠲᠠᠯᠠᠪᠠᠢ ᠳᠤ ᠪᠣᠭᠤᠮᠲᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠣᠷᠣᠨ ᠤ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠠᠪᠰᠤᠷᠤᠨ ᠵᠢᠯᠣᠭᠤᠳᠴᠤ ᠪᠠᠶᠢᠨ᠎ᠠ
ᠨᠡᠶᠢᠲᠡᠯᠡᠭᠰᠡᠨ ᠴᠠᠭ᠄
2022/4/27
      ᠵᠡᠭᠦᠨ ᠬᠠᠲᠠᠪᠴᠢ ᠪᠣᠭᠤᠮᠲᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠣᠷᠣᠨ ᠤ ᠡᠮᠴᠢᠯᠡᠭᠡᠨ ᠤ ᠬᠠᠶᠠᠭᠳᠠᠮᠠᠯ ᠪᠣᠳᠠᠰ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠬᠠᠶᠠᠭᠳᠠᠮᠠᠯ ᠤᠰᠤ ᠶᠢ ᠴᠤᠭᠯᠠᠭᠤᠯᠤᠨ ᠰᠢᠢᠳᠪᠦᠷᠢᠯᠡᠬᠦ ᠪᠦᠬᠦ ᠶᠠᠪᠤᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠣᠳᠣᠬᠠᠨ ᠤ ᠬᠠᠮᠤᠭ ᠤᠨ ᠴᠢᠬᠤᠯᠠ ᠡᠭᠦᠷᠭᠡ ᠪᠣᠯᠭᠠᠨ ᠠᠳᠬᠤᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠮᠴᠢᠯᠡᠭᠡᠨ ᠤ ᠬᠠᠶᠠᠭᠳᠠᠮᠠᠯ ᠪᠣᠳᠠᠰ᠂ ᠬᠠᠶᠠᠭᠳᠠᠮᠠᠯ ᠤᠰᠤᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠦᠷᠢᠵᠢᠭᠤᠯᠵᠤ᠂ ᠴᠤᠭᠯᠠᠭᠤᠯᠬᠤ᠂ ᠬᠠᠳᠠᠭᠠᠯᠠᠬᠤ᠂ ᠵᠥᠭᠡᠭᠡᠪᠦᠷᠢᠯᠡᠬᠦ᠂ ᠰᠢᠢᠳᠪᠦᠷᠢᠯᠡᠬᠦ ᠪᠣᠭᠤᠮᠲᠠ ᠶᠢ ᠴᠢᠩᠭᠠᠳᠬᠠᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠦᠨᠡᠨᠬᠦ ᠭᠦᠢᠴᠡᠳᠭᠡᠵᠦ᠂ ᠪᠦᠬᠦ ᠬᠡᠯᠬᠢᠶᠡᠨ ᠳᠤ ᠪᠦᠷᠬᠦᠭᠦᠯᠬᠦ᠂ ᠪᠦᠬᠦ ᠶᠠᠪᠤᠴᠠ ᠳᠤ ᠬᠢᠨᠠᠯᠲᠠ ᠲᠠᠯᠪᠢᠬᠤ᠂ ᠦᠨᠴᠦᠭ ᠪᠤᠯᠤᠩ ᠦᠯᠡᠳᠡᠭᠡᠬᠦ ᠦᠭᠡᠢ᠂ ᠡᠮᠴᠢᠯᠡᠭᠡᠨ ᠤ ᠬᠠᠶᠠᠭᠳᠠᠮᠠᠯ ᠪᠣᠳᠠᠰ᠂ ᠬᠠᠶᠠᠭᠳᠠᠮᠠᠯ ᠤᠰᠤ ᠶᠢ ᠪᠦᠬᠦᠨ ᠢ ᠬᠤᠤᠷ ᠦᠭᠡᠢᠳᠡᠭᠦᠯᠦᠨ ᠰᠢᠢᠳᠪᠦᠷᠢᠯᠡᠬᠦ ᠶᠢ ᠦᠨᠡᠨᠬᠦ ᠪᠠᠲᠣᠯᠠᠵᠤ᠂ ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨ ᠦᠵᠦᠮᠦᠴᠢᠨ ᠬᠤᠰᠢᠭᠤᠨ ᠤ ᠬᠤᠪᠢᠶᠠᠷᠢ ᠲᠣᠪᠴᠢᠶ᠎ᠠ ᠲᠤᠬᠠᠶ ᠶᠢᠨ ᠲᠠᠯᠠᠪᠠᠢ ᠳᠤ ᠵᠡᠭᠦᠨ ᠬᠠᠲᠠᠪᠴᠢ ᠪᠣᠭᠤᠮᠲᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠣᠷᠣᠨ ᠤ ᠡᠮᠴᠢᠯᠡᠭᠡᠨ ᠤ ᠬᠠᠶᠠᠭᠳᠠᠮᠠᠯ ᠪᠣᠳᠠᠰ᠂ ᠬᠠᠶᠠᠭᠳᠠᠮᠠᠯ ᠤᠰᠤ ᠶᠢ ᠴᠤᠭᠯᠠᠭᠤᠯᠤᠨ ᠰᠢᠢᠳᠪᠦᠷᠢᠯᠡᠬᠦ ᠠᠵᠢᠯ ᠢ ᠬᠠᠪᠰᠤᠷᠤᠨ ᠵᠢᠯᠣᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠠᠶᠢᠩᠭᠤᠵᠢᠭᠤᠯᠤᠨ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ  ᠪᠠᠲᠣᠯᠠᠪᠠ᠃      ᠠᠵᠢᠯᠲᠠᠳ ᠪᠣᠭᠤᠮᠲᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠣᠷᠣᠨ ᠤ ᠠᠬᠤᠶ ᠲᠠᠯᠠᠪᠠᠶ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠲᠦᠷ ᠬᠠᠳᠠᠭᠠᠯᠠᠬᠤ᠂ ᠴᠤᠭᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠵᠡᠷᠭᠡ ᠡᠯ᠎ᠡ ᠭᠤᠭᠴᠤᠭ᠎ᠠ ᠶᠢᠨ ᠪᠠᠶᠢᠷᠢᠯᠠᠭᠤᠯᠤᠯᠲᠠ᠂ ᠲᠥᠬᠦᠭᠡᠷᠦᠮᠵᠢ᠂ ᠠᠵᠢᠯᠯᠠᠭᠠᠨ ᠤ ᠬᠠᠮᠢᠶᠠᠷᠤᠯᠲᠠ ᠶᠢ ᠨᠠᠷᠢᠨ ᠣᠶᠢᠯᠠᠭᠠᠵᠤ᠂ ᠣᠷᠣᠰᠢᠵᠤ ᠮᠡᠳᠡᠬᠦ ᠠᠶᠤᠯ ᠲᠦᠭᠰᠢᠭᠦᠷᠢ ᠬᠡᠮ ᠰᠣᠭᠤᠭ ᠢ ᠬᠠᠪᠰᠤᠷᠤᠨ ᠲᠡᠳᠬᠦᠵᠦ ᠵᠢᠯᠣᠭᠤᠳᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠤᠯᠤᠰ ᠤᠨ ᠡᠭᠦᠳᠡᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号