ᠵᠡᠭᠦᠨ ᠬᠠᠲᠠᠪᠴᠢ ᠬᠢᠯᠢ ᠶᠢᠨ ᠪᠣᠭᠤᠮᠲᠠ ᠬᠤᠯᠤᠭᠠᠨ᠎ᠠ ᠤᠰᠠᠳᠬᠠᠬᠤ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/29
      ᠬᠠᠪᠤᠷ ᠤᠨ ᠤᠯᠠᠷᠢᠯ ᠪᠣᠯ ᠬᠤᠯᠤᠭᠠᠨ᠎ᠠ ᠶᠢᠨ ᠲᠥᠷᠥᠯ ᠤᠨ ᠠᠵᠢᠯᠯᠠᠭ᠎ᠠ ᠣᠯᠠᠨᠲᠠᠢ᠂ ᠦᠷᠡᠵᠢᠯ ᠤᠨ ᠣᠷᠭᠢᠯ ᠤᠨ ᠬᠤᠭᠤᠴᠠᠭ᠎ᠠ ᠪᠣᠯᠤᠨ᠎ᠠ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠬᠤᠤᠷ ᠬᠥᠨᠥᠭᠡᠯ ᠤᠨ ᠲᠦᠭᠰᠢᠭᠦᠷᠢ ᠶᠢ ᠤᠯᠠᠮ ᠨᠢᠭᠡ ᠠᠯᠬᠤᠮ ᠪᠠᠭᠤᠷᠠᠭᠤᠯᠬᠤ ᠶᠢᠨ ᠲᠥᠯᠥᠭᠡ᠂ ᠣᠶᠢᠷ᠎ᠠ ᠳᠤ᠂ ᠵᠡᠭᠦᠨ ᠦᠵᠦᠮᠦᠴᠢᠨ ᠬᠤᠰᠢᠭᠤᠨ ᠤ ᠪᠣᠭᠤᠮᠲᠠ ᠶᠢᠨ ᠵᠥᠪᠯᠡᠯ ᠠᠴᠠ ᠮᠡᠨᠳᠡ ᠺᠣᠮᠫᠠᠨᠢ ᠶᠢᠨ ᠠᠵᠢᠯᠲᠠᠨ  ᠢ ᠵᠣᠬᠢᠶᠠᠨ ᠪᠠᠶᠢᠭᠤᠯᠵᠤ ᠵᠡᠭᠦᠨ ᠦᠵᠦᠮᠦᠴᠢᠨ ᠪᠣᠭᠤᠮᠲᠠ᠂ ᠵᠡᠭᠦᠨ ᠬᠠᠲᠠᠪᠴᠢ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠲᠠᠢ ᠬᠠᠮᠲᠤᠷᠠᠨ ᠬᠠᠪᠤᠷ ᠤᠨ ᠤᠯᠠᠷᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠤᠯᠤᠭᠠᠨ᠎ᠠ ᠤᠰᠠᠳᠬᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ      ᠲᠣᠰ ᠤᠳᠠᠭᠠᠨ ᠤ ᠠᠵᠢᠯᠯᠠᠭ᠎ᠠ ᠳᠤ᠂ ᠬᠤᠯᠤᠭᠠᠨ᠎ᠠ ᠤᠰᠠᠳᠬᠠᠬᠤ ᠠᠵᠢᠯ ᠤᠨ ᠴᠤᠪᠤᠷᠠᠯ ᠶᠣᠰᠣᠭᠠᠷ᠂ ᠤᠯᠤᠰ ᠤᠨ ᠡᠭᠦᠳᠡᠨ ᠤ ᠬᠠᠮᠲᠤᠷᠠᠨ ᠪᠠᠶᠢᠴᠠᠭᠠᠬᠤ ᠲᠣᠭᠤᠷᠢᠭ ᠤᠨ ᠡᠮᠦᠨᠡᠲᠦ ᠤᠮᠠᠷᠠᠲᠤ ᠬᠠᠷᠠᠭᠤᠯ ᠤᠨ ᠣᠶᠢᠷᠠᠯᠴᠠᠭ᠎ᠠ ᠬᠤᠯᠤᠭᠠᠨ᠎ᠠ ᠶᠢᠨ ᠡᠮ ᠰᠢᠤ ᠳ᠋ᠢ ᠯᠥᠩ 6 ᠤᠭᠤᠲᠠ ᠪᠠ ᠾᠯᠣᠷᠲᠤ ᠠᠯᠺᠣᠣᠯ 56 ᠤᠭᠤᠲᠠ ᠶᠢ ᠬᠠᠶᠠᠵᠠᠶ᠃ ᠲᠠᠷᠠᠭᠠᠴᠢ ᠶᠢᠨ ᠠᠯᠬᠤᠮ ᠳᠤ᠂ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠡᠯ᠎ᠡ ᠰᠠᠯᠠᠭ᠎ᠠ ᠮᠥᠴᠢᠷ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号