ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 5 ᠤ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠳ᠋ᠤᠭᠠᠷ ᠰᠠᠷ᠎ᠠ ᠶᠢᠨ 5 ᠤ ᠡᠳᠦᠷ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢ ᠤᠯᠠᠮ ᠨᠢᠭᠡ ᠠᠯᠬᠤᠮ | ᠰᠢᠢᠳᠪᠦᠷᠢᠯᠡᠬᠦ ᠠᠷᠭ᠎ᠠ ᠬᠡᠮᠵᠢᠶ᠎ᠡ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠲᠠᠭᠤᠨ ᠠᠵᠢᠯ ᠣᠯᠭᠤᠯᠲᠠ ᠶᠢ | ᠪᠠᠲᠤᠯᠠᠬᠤ︔ ᠭᠠᠳᠠᠭᠠᠳᠤ ᠠᠷᠠᠯᠵᠢᠶ᠎ᠠ ᠶᠢᠨ ᠲᠣᠭᠲᠠᠭᠤᠨ ᠢ ᠪᠠᠲᠤᠯᠠᠵᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠬᠤ | ᠠᠷᠭ᠎ᠠ ᠬᠡᠮᠵᠢᠶ᠎ᠡ ᠶᠢ ᠲᠣᠭᠲᠠᠭᠠᠬᠤ᠂ ᠠᠵᠤ ᠠᠬᠤᠢ ᠶᠢ ᠲᠣᠭᠲᠠᠪᠤᠷᠢᠵᠢᠭᠤᠯᠵᠤ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠬᠦ ᠶᠢ ᠪᠠᠶᠢᠷᠢᠯᠠᠭᠤᠯᠪᠠ᠃ | ᠬᠤᠷᠠᠯ ᠠᠴᠠ ᠵᠢᠭᠠᠭᠰᠠᠨ ᠨᠢ᠂ ᠬᠡᠮᠵᠢᠶ᠎ᠡ ᠪᠠᠷ ᠶᠡᠭᠡ ᠬᠡᠪᠴᠢᠶ᠎ᠡ ᠪᠠᠷ ᠥᠷᠭᠡᠨ ᠳᠤᠮᠳᠠ ᠵᠢᠵᠢᠭ ᠪᠢᠴᠢᠯ ᠠᠵᠤ | ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯ ᠠᠵᠤ ᠠᠬᠤᠢ ᠶᠢ ᠲᠣᠭᠲᠠᠪᠤᠷᠢᠵᠢᠭᠤᠯᠬᠤ | ᠴᠢᠬᠤᠯᠠ ᠰᠠᠭᠤᠷᠢ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠭᠤᠣᠯ ᠲᠤᠯᠭᠠᠭᠤᠷᠢᠯᠠᠯ ᠪᠣᠯᠣᠨ᠎ᠠ᠃ ᠣᠳᠣᠬᠠᠨ ᠳᠤ | ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢᠯᠡᠳᠲᠡ ᠨᠡᠮᠡᠭᠳᠡᠵᠦ ᠪᠠᠶᠢᠨ᠎ᠠ᠂ ᠨᠠᠮ ᠤᠨ | ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠠᠪᠰᠤᠷᠤᠨ | ᠲᠡᠳᠬᠦᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠨᠢᠭᠡ ᠳᠤ᠂ ᠨᠢᠭᠡᠨᠲᠡ ᠲᠣᠭᠲᠠᠭᠠᠭᠰᠠᠨ ᠭᠠᠶᠢᠯᠢ ᠪᠤᠴᠠᠭᠠᠬᠤ ᠭᠠᠶᠢᠯᠢ | ᠬᠥᠩᠭᠡᠯᠡᠬᠦ ᠰᠦᠢᠳᠬᠡᠯ ᠪᠠᠭᠤᠷᠠᠭᠤᠯᠬᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ᠂ | ᠡᠳ᠋ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠤᠨ ᠬᠡᠮᠵᠢᠶᠡᠨ ᠳᠤ ᠬᠦᠷᠦᠭᠦᠯᠬᠦ ᠶᠢ ᠠᠬᠢᠭᠤᠯᠬᠤ ᠵᠡᠷᠭᠡ ᠲᠦᠷᠦ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠱᠠᠯᠠᠪᠬᠠᠨ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ 6 ᠳ᠋ᠤᠭᠠᠷ ᠰᠠᠷ᠎ᠠ ᠶᠢᠨ 30 ᠤ ᠡᠳᠦᠷ ᠠᠴᠠ | ᠡᠮᠦᠨ᠎ᠡ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠥᠷᠲᠡᠭ | ᠨᠡᠮᠡᠭᠳᠡᠯ ᠤᠨ ᠭᠠᠶᠢᠯᠢ ᠶᠢᠨ ᠬᠠᠳᠠᠭᠠᠯᠠᠮᠵᠢᠲᠤ ᠪᠠᠷᠢᠴᠠᠭ᠎ᠠ ᠦᠯᠡᠳᠡᠭᠡᠭᠰᠡᠨ ᠭᠠᠶᠢᠯᠢ ᠢ ᠪᠥᠬᠦᠨ ᠢ ᠨᠢ ᠪᠤᠴᠠᠭᠠᠬᠤ ᠶᠢ ᠦᠨᠡᠨ ᠬᠦ | ᠪᠠᠲᠤᠯᠠᠵᠤ᠂ ᠨᠥᠬᠦᠴᠡᠯ ᠳᠤ ᠨᠡᠶᠢᠴᠡᠬᠦ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠭᠠᠶᠢᠯᠢ ᠪᠤᠴᠠᠭᠠᠯᠲᠠ ᠶᠢ ᠴᠤ ᠡᠨᠡ ᠬᠦ | ᠬᠤᠭᠤᠴᠠᠭᠠᠨ ᠠᠴᠠ ᠤᠷᠢᠳᠴᠢᠯᠠᠨ ᠳᠠᠭᠤᠰᠬᠠᠬᠤ ᠬᠡᠷᠡᠭᠲᠡᠢ᠃ ᠬᠤᠶᠠᠷ ᠲᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ | ᠢᠯᠠᠩᠭᠤᠶ᠎ᠠ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠬᠦ ᠬᠡᠷᠡᠭᠲᠡᠢ᠃ ᠡᠨᠡ ᠵᠢᠯ ᠤᠯᠤᠰ ᠤᠨ ᠥᠮᠴᠢᠯᠡᠯᠲᠦ ᠲᠣᠮᠣ | ᠬᠡᠯᠪᠡᠷᠢ ᠶᠢᠨ ᠪᠠᠩᠬᠢ ᠶᠢᠨ ᠨᠡᠶᠢᠳᠡᠮ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢ 1.6 ᠲᠦᠮᠡᠨ ᠳ᠋ᠦᠩᠰᠢᠭᠤᠷ ᠲᠥᠭᠦᠷᠢᠭ | ᠰᠢᠨ᠎ᠡ ᠪᠠᠷ ᠨᠡᠮᠡᠭᠳᠡᠭᠦᠯᠵᠦ᠂ ᠪᠠᠩᠬᠢ ᠶᠢ ᠵᠢᠯᠤᠭᠤᠳᠴᠤ ᠪᠠᠶᠢᠭᠠᠳ ᠰᠠᠨᠠᠭᠠᠴᠢᠯᠠᠭᠠᠲᠤ ᠦᠢᠯᠡᠴᠢᠯᠡᠭᠡ ᠶᠢ ᠨᠢ ᠴᠢᠩᠭᠠᠳᠬᠠᠬᠤ | ᠬᠡᠷᠡᠭᠲᠡᠢ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠵᠢᠭᠡᠯᠡᠯᠭᠡ ᠪᠠᠨ ᠵᠣᠬᠢᠰᠲᠠᠢ ᠦᠷᠭᠦᠯᠵᠢᠯᠡᠭᠦᠯᠬᠦ᠂ ᠬᠤᠭᠤᠴᠠᠭ᠎ᠠ ᠪᠠᠨ ᠤᠷᠲᠤᠳᠬᠠᠬᠤ᠂ ᠵᠣᠭᠤᠰ ᠢᠶᠠᠨ ᠪᠤᠴᠠᠭᠠᠬᠤ | ᠲᠣᠬᠢᠷᠠᠭᠤᠯᠤᠯᠲᠠ ᠬᠢᠬᠦ ᠨᠢ ᠢᠲᠡᠭᠡᠮᠵᠢ ᠶᠢᠨ ᠲᠡᠮᠳᠡᠭᠯᠡᠯ ᠢ ᠨᠥᠯᠥᠭᠡᠯᠡᠬᠦ ᠦᠭᠡᠢ ᠲᠤᠯᠠ ᠲᠣᠷᠭᠠᠭᠤᠯᠢ ᠶᠢᠨ ᠬᠦᠦ ᠮᠥᠩᠭᠦ | ᠬᠤᠷᠢᠶᠠᠬᠤ ᠠᠴᠠ ᠬᠡᠯᠲᠦᠷᠢᠭᠦᠯᠦᠨ᠎ᠡ᠃ ᠤᠯᠤᠰ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ᠂ | ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠳᠤᠮᠳᠠ ᠵᠢᠵᠢᠭ | ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠠᠬᠢ ᠲᠤᠬᠠᠶᠢᠯᠠᠭᠰᠠᠨ ᠠᠵᠢᠯ ᠤᠨ | ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠲᠠᠪᠴᠠᠩ ᠤᠨ ᠠᠵᠤ ᠠᠬᠤᠢ ᠶᠢᠨ ᠵᠢᠷᠤᠮᠵᠢᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠳᠡᠮᠵᠢᠬᠦ ᠪᠣᠳᠠᠲᠠᠢ ᠠᠷᠭ᠎ᠠ ᠬᠡᠮᠵᠢᠶ᠎ᠡ ᠶᠢ ᠲᠦᠷᠭᠡᠳᠬᠡᠨ ᠨᠡᠶᠢᠲᠡᠯᠡᠬᠦ ᠬᠡᠷᠡᠭᠲᠡᠢ᠃ ᠡᠯ᠎ᠡ ᠭᠠᠵᠠᠷ ᠤᠳ ᠳᠤᠮᠳᠠ | ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠥᠭᠡ ᠶᠢᠨ ᠬᠦᠴᠢᠷᠳᠡᠯ ᠢ | ᠲᠠᠶᠢᠯᠬᠤ ᠲᠤᠰᠬᠠᠢ ᠪᠡᠯᠡ ᠮᠥᠩᠭᠦ ᠶᠢ ᠲᠣᠬᠢᠷᠠᠭᠤᠯᠵᠤ᠂ ᠡᠵᠡᠩᠨᠡᠯᠲᠡ ᠨᠢ ᠬᠦᠴᠢᠷᠳᠡᠯᠲᠡᠢ ᠳᠤ ᠨᠢ ᠭᠡᠷ ᠤᠨ ᠲᠦᠷᠢᠶᠡᠰᠦ᠂ | ᠳᠠᠭᠠᠭᠠᠯᠲᠠ ᠶᠢᠨ ᠵᠠᠷᠤᠳᠠᠯ᠂ ᠵᠢᠭᠡᠯᠡᠯᠭᠡ ᠶᠢᠨ ᠬᠦᠦ ᠮᠥᠩᠭᠦ ᠵᠡᠷᠭᠡ ᠶᠢᠨ ᠨᠥᠬᠦᠪᠦᠷᠢ ᠣᠯᠭᠤᠬᠤ ᠬᠡᠷᠡᠭᠲᠡᠢ᠃ ᠣᠷᠣᠨ | ᠨᠤᠲᠤᠭ ᠢ ᠵᠣᠷᠢᠭᠵᠢᠭᠤᠯᠵᠤ ᠪᠠᠶᠢᠭᠠᠳ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠳᠤ ᠱᠠᠲᠤ ᠦᠶ᠎ᠡ ᠶᠢᠨ ᠴᠢᠨᠠᠷᠲᠠᠢ ᠬᠠᠷᠠᠭᠠᠯᠵᠠᠯᠲᠤ ᠴᠠᠬᠢᠯᠭᠠᠨ ᠤ ᠦᠨ᠎ᠡ ᠪᠣᠯᠣᠨ ᠤᠰᠤ ᠴᠠᠬᠢᠯᠭᠠᠨ | ᠬᠡᠢ ᠬᠡᠷᠡᠭᠯᠡᠬᠦ ᠳᠤ ︽ᠥᠷᠢᠲᠦᠪᠡᠴᠦ ᠬᠠᠩᠭᠠᠬᠤ ᠶᠢ ᠲᠠᠰᠤᠯᠬᠤ ᠦᠭᠡᠢ︾ ᠪᠠᠶᠢᠵᠤ᠂ 6 ᠰᠠᠷ᠎ᠠ ᠶᠢᠨ ᠳᠣᠲᠣᠷ᠎ᠠ ᠨᠥᠬᠦᠵᠦ | ᠲᠤᠰᠢᠶᠠᠯᠭᠠᠬᠤ ᠶᠢ ᠬᠡᠷᠡᠭᠵᠢᠭᠦᠯᠬᠦ ᠬᠡᠷᠡᠭᠲᠡᠢ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠥᠷᠭᠡᠨ ᠪᠦᠰᠡ ᠪᠠ | ᠲᠤᠰᠬᠠᠢ ᠱᠤᠭᠤᠮ ᠤᠨ ᠳᠤᠮᠳᠠᠴᠢ ᠵᠠᠷᠤᠳᠠᠯ ᠢ ᠳᠠᠬᠢᠨ 10% ᠪᠠᠷ ᠪᠠᠭᠤᠷᠠᠭᠤᠯᠬᠤ ᠬᠡᠷᠡᠭᠲᠡᠢ᠃ ᠭᠤᠷᠪᠠ ᠳᠤ᠂ 5 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠲᠣᠮᠣ ᠬᠡᠯᠪᠡᠷᠢ ᠶᠢᠨ ᠠᠵᠤ | ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠭᠰᠡᠨ ᠲᠠᠩᠰᠠᠨ ᠵᠣᠭᠤᠰ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ᠂ ᠵᠥᠷᠢᠯᠳᠦᠭᠡᠨ ᠦᠭᠡᠢ ᠥᠷᠢᠲᠦᠭᠰᠡᠨ ᠵᠣᠭᠤᠰ ᠢ ᠨᠢᠭᠡ ᠶᠢ ᠮᠡᠳᠡᠪᠡᠯ ᠨᠢᠭᠡ ᠶᠢ ᠨᠢ ᠲᠥᠯᠥᠭᠦᠯᠵᠦ | ᠳᠠᠭᠤᠰᠬᠠᠬᠤ ᠬᠡᠷᠡᠭᠲᠡᠢ᠃ ᠦᠨᠡᠬᠡᠷ ᠳᠥᠯᠥᠬᠦ ᠳᠤ ᠬᠦᠴᠢᠷᠲᠡᠢ ᠪᠠᠶᠢᠪᠠᠯ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠪᠤᠴᠠᠭᠠᠬᠤ ᠲᠥᠯᠥᠪᠯᠡᠭᠡ ᠶᠢ ᠲᠣᠳᠣᠷᠬᠠᠶᠢᠯᠠᠭᠤᠯᠬᠤ ᠬᠡᠷᠡᠭᠲᠡᠢ᠃ ᠥᠷᠢ ᠥᠭᠴᠡᠭᠡ ᠶᠢ ᠢᠯᠭᠠᠷᠠᠭᠤᠯᠬᠤ ᠶᠠᠪᠤᠳᠠᠯ ᠢ ᠡᠨᠡ | ᠵᠢᠯ ᠤᠨ ᠬᠢᠨᠠᠨ ᠪᠤᠳᠤᠬᠤ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠰᠢᠮᠳᠠᠭᠤᠯᠤᠨ ᠪᠠᠶᠢᠴᠠᠭᠠᠬᠤ ᠶᠢᠨ | ᠭᠤᠣᠯᠳᠠᠯᠭ᠎ᠠ ᠳᠤ ᠵᠢᠭᠰᠠᠭᠠᠨ ᠣᠷᠣᠭᠤᠯᠵᠤ᠂ ᠬᠡᠯᠪᠡᠷᠢ ᠶᠢ ᠨᠢ ᠥᠭᠡᠷᠡᠳᠡᠭᠦᠯᠦᠨ ᠥᠷᠢᠲᠦᠬᠦ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠤᠳᠠᠯᠳᠤᠭᠠᠨ ᠤ ᠭᠤᠪᠢᠭᠤᠯᠤᠮᠲᠠ ᠶᠢᠨ ᠭᠤᠪᠢᠭᠤᠯᠭ᠎ᠠ ᠳᠠᠭᠠᠭᠠᠬᠤ | ᠬᠤᠭᠤᠴᠠᠭ᠎ᠠ ᠶᠢ ᠪᠣᠭᠤᠨᠢᠰᠬᠠᠬᠤ ᠠᠷᠭ᠎ᠠ ᠬᠡᠮᠵᠢᠶ᠎ᠡ ᠶᠢ ᠱᠠᠯᠠᠪᠬᠠᠨ ᠨᠡᠶᠢᠲᠡᠯᠡᠬᠦ ᠬᠡᠷᠡᠭᠲᠡᠢ ᠭᠡᠵᠡᠢ᠃ ᠬᠤᠷᠠᠯ ᠠᠴᠠ | ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠢᠯᠠᠩᠭᠤᠶ᠎ᠠ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠲᠦᠭᠵᠢᠷᠡᠯ ᠤᠨ ᠠᠰᠠᠭᠤᠳᠠᠯ ᠢ | ᠬᠦᠴᠦᠯᠡᠨ ᠰᠢᠢᠳᠪᠦᠷᠢᠯᠡᠬᠦ ᠬᠡᠷᠡᠭᠲᠡᠢ ᠭᠡᠵᠡᠢ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠲᠡᠳᠬᠦᠵᠦ | ᠬᠦᠴᠢᠷᠳᠡᠯ ᠪᠠ ᠥᠷᠢᠰᠦᠯᠳᠦᠭᠡᠨ ᠢ ᠠᠷᠭᠠᠴᠠᠭᠠᠬᠤ ᠶᠢᠨ ᠲᠤᠰᠠᠳᠠ᠂ ᠬᠤᠷᠠᠯ ᠠᠴᠠ ᠲᠣᠭᠲᠠᠭᠠᠭᠰᠠᠨ ᠨᠢ᠂ ᠨᠢᠭᠡ ᠳᠤ᠂ | ᠵᠠᠬᠢᠶᠠᠯᠠᠭ᠎ᠠ ᠶᠢᠨ ᠬᠠᠭᠤᠳᠠᠰᠤ ᠶᠢ ᠪᠠᠲᠤᠯᠠᠬᠤ ᠪᠠ ᠭᠤᠣᠯᠳᠠᠯᠭ᠎ᠠ ᠲᠠᠢ ᠠᠵᠢᠯ ᠲᠦᠷᠦᠯ᠂ ᠬᠥᠳᠡᠯᠮᠦᠷᠢ ᠨᠢᠭᠲᠠᠷᠠᠭᠰᠠᠨ | ᠬᠡᠯᠪᠡᠷᠢ ᠶᠢᠨ ᠠᠵᠢᠯ ᠲᠦᠷᠦᠯ ᠤᠨ ᠭᠠᠳᠠᠭᠠᠳᠤ ᠣᠷᠤᠭᠤᠯᠤᠯᠲᠠ ᠭᠠᠳᠠᠭᠠᠳᠤ ᠭᠠᠷᠭᠠᠯᠲᠠ ᠶᠢ ᠬᠦᠴᠦᠯᠡᠨ ᠪᠠᠲᠤᠯᠠᠬᠤ ᠬᠡᠷᠡᠭᠲᠡᠢ | ᠃ ᠭᠠᠳᠠᠭᠠᠳᠤ ᠠᠷᠠᠯᠵᠢᠶᠠᠨ ᠤ ᠬᠦᠷᠢᠶᠡᠨ ᠳᠠᠬᠢ ᠦᠢᠯᠡᠳᠪᠦᠷᠢᠯᠡᠯ ᠭᠦᠢᠯᠭᠡᠭᠡᠨ ᠤ ᠲᠣᠭᠲᠠᠭᠤᠨ ᠪᠠᠶᠢᠬᠤ ᠶᠢ ᠪᠠᠲᠤᠯᠠᠵᠤ᠂ | ᠭᠤᠣᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠵᠡᠷᠭᠡ ᠶᠢᠨ ᠨᠡᠷᠡᠰ ᠤᠨ ᠵᠢᠭᠰᠠᠭᠠᠯᠲᠠ ᠶᠢ | ᠲᠣᠭᠲᠠᠭᠠᠬᠤ ᠶᠢᠨ ᠬᠠᠮᠲᠤ ᠦᠢᠯᠡᠳᠪᠦᠷᠢᠯᠡᠯ᠂ ᠪᠠᠷᠠᠭᠠᠨ ᠤ ᠭᠦᠢᠯᠭᠡᠭᠡ᠂ ᠠᠵᠢᠯᠴᠢᠨ ᠬᠡᠷᠡᠭᠯᠡᠬᠦ ᠲᠠᠯ᠎ᠠ ᠪᠠᠷ ᠪᠠᠲᠤᠯᠠᠬᠤ | ᠬᠡᠷᠡᠭᠲᠡᠢ᠃ ᠬᠤᠶᠠᠷ ᠲᠤ᠂ ᠲᠠᠯᠠᠢ ᠠᠭᠠᠷ ᠤᠨ ᠭᠠᠷᠠᠮ ᠵᠡᠷᠭᠡ ᠲᠥᠪᠯᠡᠷᠡᠭᠦᠯᠵᠦ ᠲᠠᠷᠬᠠᠭᠠᠬᠤ ᠲᠡᠭᠡᠭᠡᠪᠦᠷᠢ ᠶᠢ ᠬᠦᠴᠦᠲᠡᠢ | ᠪᠥᠭᠡᠳ ᠡᠮᠬᠢ ᠵᠢᠷᠤᠮ ᠲᠠᠢ ᠪᠠᠷ ᠨᠠᠪᠲᠠᠷᠡᠭᠦᠯᠵᠦ᠂ ᠠᠵᠢᠯᠯᠠᠬᠤ ᠪᠠ ᠪᠣᠭᠤᠮᠲᠠ ᠪᠠᠷ ᠥᠩᠭᠡᠷᠡᠬᠦ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ ᠠᠭᠠᠷ ᠤᠨ ᠲᠡᠭᠡᠭᠡᠪᠦᠷᠢ ᠶᠢᠨ ᠪᠠᠷᠠᠭ᠎ᠠ ᠲᠡᠭᠡᠭᠡᠪᠦᠷᠢᠯᠡᠬᠦ ᠬᠦᠴᠦᠨ ᠢ ᠰᠠᠶᠢᠲᠤᠷ ᠬᠡᠷᠡᠭᠯᠡᠵᠦ᠂ | ᠴᠢᠬᠤᠯᠠ ᠰᠡᠯᠪᠢᠭ ᠲᠤᠨᠤᠭ᠂ ᠲᠣᠨᠣᠭᠯᠠᠯ ᠪᠠ ᠦᠢᠯᠡᠳᠬᠦᠨ ᠤ ᠲᠡᠭᠡᠭᠡᠪᠦᠷᠢ ᠶᠢ ᠪᠠᠲᠤᠯᠠᠬᠤ ᠬᠡᠷᠡᠭᠲᠡᠢ᠃ | ᠭᠠᠳᠠᠭᠠᠳᠤ ᠠᠷᠠᠯᠵᠢᠶᠠᠨ ᠤ ᠪᠠᠷᠠᠭᠠᠨ ᠤ ᠲᠡᠭᠡᠭᠡᠪᠦᠷᠢ ᠶᠢᠨ ᠦᠨ᠎ᠡ ᠶᠢᠨ ᠲᠠᠯ᠎ᠠ ᠪᠠᠷ ᠬᠢ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠭᠤᠷᠪᠠ ᠳᠤ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢᠨ ᠪᠠᠷᠠᠭ᠎ᠠ ᠪᠤᠴᠠᠭᠠᠬᠤ ᠪᠠ ᠰᠣᠯᠢᠬᠤ ᠳᠤ ᠲᠦᠬᠦᠮ ᠦᠵᠡᠭᠦᠯᠬᠦ ᠲᠦᠷᠦ ᠶᠢᠨ | ᠪᠣᠳᠣᠯᠭ᠎ᠠ ᠶᠢ ᠲᠦᠷᠭᠡᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠡᠳᠡᠭᠦᠯᠬᠦ ᠶᠢ ᠳᠡᠮᠵᠢᠬᠦ ᠬᠡᠷᠡᠭᠲᠡᠢ᠃ | ᠡᠳ᠋ᠰᠢᠭᠦᠯᠬᠦ ᠠᠷᠠᠯᠵᠢᠶ᠎ᠠ ᠶᠢᠨ ᠲᠣᠭᠲᠠᠭᠤᠨ ᠢᠶᠠᠷ ᠬᠥᠭᠵᠢᠬᠦ ᠶᠢ ᠲᠡᠮᠵᠢᠵᠤ᠂ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ | ᠣᠷᠣᠨ ᠪᠠ ᠵᠡᠭᠦᠨ ᠬᠤᠶᠢᠲᠤ ᠣᠷᠣᠨ ᠤ ᠬᠥᠳᠡᠯᠮᠦᠷᠢ ᠬᠤᠷᠠᠭᠰᠠᠨ ᠬᠡᠯᠪᠡᠷᠢ ᠶᠢᠨ ᠡᠳ᠋ᠰᠢᠭᠦᠯᠬᠦ ᠠᠷᠠᠯᠵᠢᠶ᠎ᠠ ᠶᠢ ᠤᠯᠤᠰ ᠤᠨ | ᠵᠣᠷᠢᠭᠵᠢᠭᠤᠯᠬᠤ ᠠᠵᠤ ᠦᠢᠯᠡᠰ ᠤᠨ ᠭᠠᠷᠴᠠᠭ ᠲᠤ ᠣᠷᠣᠭᠤᠯᠬᠤ ᠬᠡᠷᠡᠭᠲᠡᠢ᠃ ᠲᠣᠮᠣ ᠬᠡᠯᠪᠡᠷᠢ ᠶᠢᠨ ᠡᠮᠴᠢᠯᠡᠭᠡᠨ ᠤ | ᠲᠥᠬᠦᠭᠡᠷᠦᠮᠵᠢ᠂ ᠮᠠᠰᠢᠨ ᠬᠥᠮᠥᠨ ᠵᠡᠷᠭᠡ ᠶᠢ ᠭᠠᠶᠢᠯᠢ ᠪᠠᠲᠤᠯᠠᠬᠤ ᠰᠡᠯᠪᠢᠨ ᠵᠠᠰᠠᠬᠤ ᠬᠦᠷᠢᠶ᠎ᠡ ᠬᠡᠪᠴᠢᠶᠡᠨ ᠳᠤ | ᠣᠷᠣᠭᠤᠯᠬᠤ ᠶᠢ ᠰᠦᠪᠡᠭᠴᠢᠯᠡᠵᠦ᠂ ᠮᠠᠰᠢᠨ ᠲᠡᠷᠭᠡᠨ ᠤ ᠬᠥᠳᠡᠯᠭᠡᠭᠦᠷ ᠵᠡᠷᠭᠡ ᠭᠠᠶᠢᠯᠢ ᠪᠠᠲᠤᠯᠠᠬᠤ ᠳᠠᠬᠢᠨ ᠦᠶ᠋ᠯᠡᠳᠬᠦ | ᠲᠤᠷᠰᠢᠯᠲᠠ ᠶᠢ ᠥᠷᠨᠢᠭᠦᠯᠬᠦ ᠬᠡᠷᠡᠭᠲᠡᠢ᠃ ᠳᠥᠷᠪᠡ ᠳᠤ᠂ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠴᠢᠩᠭᠠᠳᠬᠠᠵᠤ᠂ ᠪᠠᠩᠬᠢ ᠠᠴᠠ ᠲᠦᠷ ᠴᠠᠭ ᠬᠦᠴᠢᠷᠳᠡᠯ ᠳᠤ | ᠲᠤᠯᠭᠠᠷᠠᠭᠰᠠᠳ ᠠᠴᠠ ᠰᠣᠬᠤᠷ ᠪᠠᠯᠠᠢ ᠪᠠᠷ ᠵᠢᠭᠡᠯᠡᠯᠭᠡ ᠲᠠᠲᠠᠬᠤ ᠦᠭᠡᠢ᠂ ᠵᠢᠭᠡᠯᠡᠯᠭᠡ ᠲᠠᠰᠤᠯᠬᠤ ᠦᠭᠡᠢ᠂ ᠵᠢᠭᠡᠯᠡᠯᠭᠡ | ᠳᠠᠷᠤᠬᠤ ᠦᠭᠡᠢ ᠪᠠᠶᠢᠬᠤ ᠶᠢ ᠨᠢ ᠳᠡᠮᠵᠢᠵᠦ᠂ ᠨᠢᠭᠡ ᠪᠦᠯᠦᠭ ᠪᠡᠯᠡ ᠮᠥᠩᠭᠦ ᠪᠠᠴᠢᠮ ᠬᠡᠷᠡᠭᠰᠡᠭᠰᠡᠳ ᠢ ᠡᠮᠬᠢᠯᠡᠨ ᠳᠢᠭᠯᠡᠵᠦ | ᠭᠤᠣᠯᠳᠠᠯᠭ᠎ᠠ ᠲᠠᠢ ᠪᠠᠷ ᠳᠡᠮᠵᠢᠯᠭᠡ ᠦᠵᠡᠭᠦᠯᠬᠦ ᠬᠡᠷᠡᠭᠲᠡᠢ᠃ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ | ᠣᠬᠤᠷ ᠬᠤᠭᠤᠴᠠᠭᠠᠨ ᠤ ᠳᠠᠭᠠᠳᠬᠠᠯ ᠤᠨ ᠬᠡᠪᠴᠢᠶ᠎ᠡ ᠶᠢ ᠥᠷᠭᠡᠳᠬᠡᠵᠦ᠂ ᠲᠦᠯᠦᠬᠦ ᠴᠠᠭ ᠢ ᠨᠢ ᠪᠣᠭᠤᠨᠢᠰᠬᠠᠬᠤ ᠬᠡᠷᠡᠭᠲᠡᠢ᠃ | ᠢᠲᠡᠭᠡᠮᠵᠢ ᠶᠢᠨ ᠳᠠᠭᠠᠳᠬᠠᠯ ᠤᠨ ᠬᠠᠭᠤᠳᠠᠰᠤ ᠪᠠᠷ ᠪᠡᠯᠡ ᠲᠣᠬᠢᠷᠠᠭᠤᠯᠬᠤ ᠶᠢ ᠨᠡᠮᠡᠭᠳᠡᠭᠦᠯᠬᠦ ᠬᠡᠷᠡᠭᠲᠡᠢ᠃ ᠠᠷᠠᠳ ᠤᠨ | ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢ ᠵᠣᠬᠢᠰᠲᠠᠢ ᠪᠥᠭᠡᠳ ᠲᠡᠩᠴᠡᠭᠦᠷᠢᠲᠡᠢ ᠬᠡᠮᠵᠢᠶᠡᠨ ᠳᠤ ᠦᠨᠳᠦᠰᠦᠨ ᠳᠤ ᠪᠠᠨ | ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠲᠠᠪᠤ ᠳᠤ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠵᠡᠷᠭᠡ | ᠲᠠᠪᠴᠠᠩ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠯᠤᠭ᠎ᠠ | ᠬᠤᠯᠪᠤᠭᠠᠯᠠᠨ ᠬᠥᠳᠡᠯᠦᠯᠴᠡᠵᠦ ᠬᠠᠷᠢᠯᠴᠠᠨ ᠠᠬᠢᠭᠤᠯᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠭᠠᠳᠠᠭᠠᠳᠤ ᠠᠵᠤ | ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠬᠢᠯᠢ ᠶᠢᠨ ᠭᠠᠳᠠᠨᠠᠬᠢ ᠦᠵᠡᠰᠬᠦᠯᠡᠩ ᠳᠤ ᠣᠷᠤᠯᠴᠠᠬᠤ ᠶᠢ ᠳᠡᠮᠵᠢᠬᠦ ᠬᠡᠷᠡᠭᠲᠡᠢ᠃ ᠭᠠᠳᠠᠭᠠᠳᠤ | ᠣᠷᠤᠭᠤᠯᠤᠯᠲᠠ ᠶᠢᠨ ᠠᠷᠠᠯᠵᠢᠶ᠎ᠠ ᠶᠢᠨ ᠰᠢᠨ᠎ᠡ ᠶᠢ ᠡᠭᠦᠳᠦᠭᠰᠡᠨ ᠨᠢᠭᠡ ᠪᠦᠯᠦᠭ ᠰᠢᠨ᠎ᠡ ᠵᠢᠱᠢᠶ᠎ᠡ ᠦᠵᠡᠭᠦᠯᠬᠦ ᠣᠷᠣᠨ ᠢ | ᠪᠤᠶᠢᠵᠢᠭᠤᠯᠬᠤ ᠬᠡᠷᠡᠭᠲᠡᠢ᠃ | ᠬᠤᠷᠠᠯ ᠳᠤ ᠪᠤᠰᠤᠳ ᠵᠦᠢᠯ ᠢ ᠰᠤᠳᠤᠯᠪᠠ᠃ | |