ᠪᠠᠶᠢᠭᠠᠯᠢ ᠤᠷᠴᠢᠨ ᠢᠶᠠᠨ ᠬᠠᠮᠠᠭᠠᠯᠠᠨ ᠨᠤᠳᠤᠭ ᠤᠰᠤ ᠪᠠᠨ ᠨᠤᠭᠤᠭᠠᠷᠠᠭᠤᠯᠬᠤ ᠴᠢᠬᠢ ᠮᠤᠳᠤ ᠵᠠᠶᠢᠯᠠᠬᠤ ᠠᠵᠢᠯᠯᠠᠭ᠎ᠠ ᠶᠠᠪᠣᠭᠳᠠᠪᠠ
ᠨᠡᠶᠢᠲᠡᠯᠡᠭᠰᠡᠨ ᠴᠠᠭ᠄
2022/5/17
      ᠴᠡᠴᠡᠭᠡᠰ ᠲᠡᠯᠪᠡᠭᠡ ᠪᠠᠨ ᠨᠡᠭᠡᠭᠡᠵᠤ  ᠂ ᠵᠤᠯᠵᠠᠭᠠᠨ ᠮᠤᠳᠤ ᠨᠤᠭᠤᠭᠠᠷᠠᠭᠰᠠᠨ ᠵᠤᠨ ᠤ 5 ᠰᠠᠷ᠎ᠠ ᠶᠢᠨ 9 ᠤ ᠡᠳᠦᠷ᠂ ᠤᠯᠢᠶᠠᠰᠤᠳᠠᠢ ᠪᠠᠯᠭᠠᠰᠤᠨ ᠤ ᠲᠤᠯᠠᠭᠠᠨ ᠭᠠᠴᠠᠭᠠᠨ ᠳᠠᠬᠢ ᠪᠠᠶᠠᠨ ᠳᠤᠯᠠᠭᠠᠨ ᠤᠪᠤᠭᠠᠨ ᠤ ᠡᠩᠬᠡᠷ ᠤᠨ ᠲᠠᠴᠢᠷᠳᠡᠭ᠌ᠰᠠᠨ ᠭᠠᠵᠠᠷ ᠲᠤ ᠪᠠᠶᠢᠭᠠᠯᠢ ᠤᠷᠴᠢᠨ ᠢᠶᠠᠨ ᠬᠠᠮᠠᠭᠠᠯᠠᠨ ᠨᠤᠳᠤᠭ ᠤᠰᠤ ᠪᠠᠨ ᠨᠤᠭᠤᠭᠠᠷᠠᠭᠤᠯᠬᠤ ᠴᠢᠬᠢ ᠮᠤᠳᠤ ᠵᠠᠶᠢᠯᠠᠬᠤ ᠠᠵᠢᠯᠯᠠᠭ᠎ᠠ ᠠᠮᠵᠢᠯᠲᠠ ᠲᠠᠢ ᠶᠠᠪᠤᠭᠳᠠᠵᠠᠢ᠃      ᠲᠤᠰ ᠤᠳᠠᠭᠠᠨ ᠤ ᠠᠵᠢᠯᠯᠠᠭ᠎ᠠ ᠶᠢ ᠤᠯᠢᠶᠠᠰᠤᠳᠠᠢ ᠪᠠᠯᠭᠠᠰᠤᠨ ᠤ ᠲᠤᠯᠠᠭᠠᠨ ᠭᠠᠴᠠᠭᠠᠨ ᠤ ᠮᠠᠯᠴᠢᠨ ᠬᠤᠪᠢᠰᠬᠠᠯᠳᠤ  ᠂ ᠪᠠᠭᠠᠨ᠎ᠠ ᠨᠠᠷ ᠰᠠᠨᠠᠭᠠᠴᠢᠯᠠᠵᠤ᠂ ᠮᠠᠨ ᠤ ᠬᠤᠰᠢᠭᠤᠨ ᠤ ︽ᠠ ᠡ ᠢ︾ ᠤᠷᠴᠢᠨ ᠲᠤᠭᠤᠷᠢᠨ ᠢᠶᠠᠨ ᠬᠠᠮᠠᠭᠠᠯᠠᠬᠤ ᠰᠠᠶᠢᠨ ᠲᠤᠷᠠᠴᠤᠤᠨ ᠤᠨ ᠨᠡᠶᠢᠭᠡᠮᠯᠢᠭ᠂ ᠬᠤᠰᠢᠭᠤ ᠤᠯᠠᠭᠠᠡᠮᠦ᠋ᠴᠢᠷ ᠤᠨ ᠭᠡᠰᠢᠬᠦᠤᠨ᠂ ᠲᠤᠯᠠᠭᠠᠨ ᠭᠠᠴᠠᠭᠠᠨ ᠤ ᠮᠠᠯᠴᠢᠨ ᠰᠠᠶᠢᠨ ᠲᠤᠷᠠᠴᠤᠤᠨ ᠪᠤᠯᠤᠨ ᠨᠠᠶᠢᠬᠡᠮ ᠤᠨ ᠬᠠᠯᠠᠭᠤᠨ ᠰᠡᠤᠡᠬᠢᠯᠳᠦ ᠬᠥᠮᠦᠰ ᠵᠡᠷᠭᠡ100 ᠭᠠᠷᠤᠢ ᠰᠠᠶᠢᠨ ᠲᠤᠷᠠᠴᠤᠤᠨ ᠢᠳᠡᠪᠬᠢᠯᠡᠨ ᠤᠷᠤᠯᠴᠠᠵᠤ᠂ ᠭᠦᠢᠯᠡᠰᠦᠨ ᠮᠤᠳᠤ᠂ ᠬᠡᠬᠡᠷ᠎ᠡ ᠶᠢᠨ ᠴᠢᠪᠠᠭ᠎ᠠ ᠪᠤᠯᠤᠨ ᠴᠢᠴᠠᠷᠭᠠᠨ᠎ᠠ ᠵᠡᠷᠭᠡ 7000 ᠭᠠᠷᠤᠢ  ᠰᠠᠭᠤᠷᠢ ᠴᠢᠬᠢ ᠮᠤᠳᠤ  ᠵᠠᠶᠢᠯᠠᠵᠠᠢ  ᠃      ᠡᠪ ᠨᠢᠭᠡᠳᠦᠯ᠂ ᠡᠷᠡᠮᠡᠬᠡᠢ ᠭᠦᠴᠦᠨ ᠰᠢᠯᠭᠠᠭᠰᠠᠨ ᠰᠠᠶᠢᠨ ᠲᠤᠷᠠᠴᠤᠤᠨ ᠤᠨ ᠡᠨᠡᠬᠦ ᠠᠵᠢᠯᠯᠠᠭ᠎ᠠ ᠨᠢ ᠠᠮᠢ ᠠᠬᠤᠢ ᠪᠠᠨ ᠬᠠᠮᠠᠭᠠᠯᠠᠵᠤ᠂ ᠰᠠᠶᠢᠨ ᠰᠠᠶᠢᠬᠠᠨ ᠤᠷᠴᠢᠨ ᠠᠬᠤᠢ ᠶᠢ ᠪᠣᠢ ᠪᠣᠯᠭᠠᠨ᠂ ᠬᠦᠳᠡᠭᠡ ᠲᠤᠰᠬᠤᠨ‌ᠢ ᠬᠦᠭᠵᠢᠬᠦᠯᠥᠨ ᠮᠠᠡᠳᠤᠭᠤᠯᠬᠤ ᠦᠢᠯᠡᠳᠦᠯᠭᠡ‌‍ᠲ᠋ᠤᠮᠳᠠ ᠢᠳᠡᠪᠭᠢᠳᠠᠢ ᠵᠢᠤᠡᠭᠦᠯ  ᠴᠢᠷᠮᠠᠶᠢᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠰᠠᠶᠢᠨ ᠲᠤᠷᠠᠴᠤᠤᠨ ᠤᠨ ᠬᠦᠳᠡᠯᠮᠦᠷᠢ ᠶᠢᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠤᠯᠠᠨ ᠲᠦᠮᠡᠨ ᠤ ᠠᠷᠢᠭᠤᠨ ᠬᠦᠳᠡᠯᠮᠦᠷᠢ ᠶᠢᠨ ᠭᠢᠨᠢ ᠬᠥᠯᠥᠰᠦᠨ ᠲᠤᠰᠤᠯ ᠳᠤ ᠨᠤᠮᠢᠨ ᠨᠤᠭᠤᠭᠠᠨ ᠪᠤᠯᠬᠤ ᠬᠦᠰᠡᠯ ᠡᠨᠡ ᠨᠤᠳᠤᠭ ᠤᠨ ᠬᠦᠷᠦᠰᠦᠨ ᠳᠤ ᠦᠡᠳᠦᠰᠤᠯᠡᠭᠳᠡᠯ᠎ᠡ  ᠃      ᠰᠠᠶᠢᠨ ᠲᠤᠷᠠᠴᠤᠤᠨ ᠠᠴᠠ  ᠄  ︿︿ᠡᠨᠡ ᠤᠳᠠᠭᠠᠨ ᠤ ᠠᠵᠢᠯᠯᠠᠭ᠎ᠠ ᠳᠤ ᠤᠷᠤᠯᠴᠠᠭᠠᠤᠨ ᠪᠢᠳᠡ ᠠᠮᠢ ᠠᠬᠤᠢ ᠤᠷᠴᠢᠨ ᠲᠤᠭᠤᠷᠢᠨ ᠢᠶᠠᠨ ᠬᠠᠮᠠᠭᠠᠯᠠᠬᠤ ᠰᠠᠶᠢᠨ ᠲᠤᠷᠠᠴᠤᠤᠨ᠂ ᠮᠥᠨ ᠴᠤ ᠤᠷᠤᠯᠴᠠᠭᠴᠢ  ᠂ ᠰᠠᠬᠢᠨ ᠬᠠᠮᠠᠭᠠᠯᠠᠭᠴᠢ ᠪᠤᠯᠤᠯ᠎ᠠ ᠭᠡᠵᠤ ᠪᠤᠳᠤᠵᠤ ᠪᠠᠶᠢᠨ᠎ᠠ᠂ ᠮᠠᠰᠢ ᠤᠤᠠᠬ᠎ᠠ ᠠᠭᠤᠯᠭ᠎ᠠ ᠲᠠᠢ ᠰᠠᠨᠠᠭᠳᠠᠯ᠎ᠠ᠃ ᠬᠤᠵᠢᠮ ᠬᠤᠶᠢᠰᠢᠳᠠ ᠡᠶᠢᠮᠦᠷᠬᠦ ᠡᠬᠡ ᠪᠠᠶᠢᠭᠠᠯᠢ ᠪᠠᠨ ᠨᠤᠭᠤᠭᠠᠷᠠᠭᠤᠯᠬᠤ ᠠᠵᠢᠯᠯᠠᠭ᠎ᠠ ᠳᠤ ᠬᠥᠮᠥᠨ ᠪᠦᠬᠦᠨ ᠤᠷᠤᠯᠴᠠᠵᠤ᠂ ᠨᠡᠩ ᠦᠵᠡᠰᠬᠦᠯᠡᠩᠲᠦ ᠰᠠᠶᠢᠬᠠᠨ ᠤᠷᠤᠨ ᠨᠤᠳᠤᠭ ᠢᠶᠠᠨ ᠪᠦᠳᠦᠭᠡᠨ ᠪᠠᠶᠢᠭᠤᠯᠬᠤ ᠳᠤ ᠭᠦᠴᠦ ᠪᠠᠨ ᠨᠡᠮᠡᠷᠢᠯᠡᠬᠦ ᠶᠢ ᠬᠦᠰᠡᠵᠤ ᠪᠠᠶᠢᠨ᠎ᠠ︾  ᠬᠡᠵᠤ ᠶᠡᠷᠢᠵᠤ ᠪᠠᠶᠢᠯ᠎ᠠ  ᠃  
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号