ᠪᠦᠬᠦ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/5/17
      5 ᠰᠠᠷ᠎ᠠ ᠶᠢᠨ10 ᠤ ᠡᠳᠦᠷ᠂ ᠪᠦᠬᠦ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠵᠤ᠂ 2021 ᠣᠨ ᠤ ᠪᠦᠬᠦ ᠬᠤᠰᠢᠭᠤᠨ ᠤ  ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ  ᠳᠤ ᠳ᠋ᠦᠩᠨᠡᠯᠲᠡ ᠬᠢᠵᠦ᠂ 2022 ᠣᠨ ᠤ ᠪᠦᠬᠦ ᠬᠤᠰᠢᠭᠤᠨ ᠤ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠸᠠᠩ ᠬᠤᠩ ᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ᠂ ᠡᠯ᠎ᠡ ᠠᠷᠠᠳ ᠤᠨ ᠪᠦᠯᠬᠦᠮ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠠᠮ ᠤᠨ ᠡᠭᠦᠷ ᠤᠨ ᠱᠦᠵᠢ ᠪᠣᠯᠣᠨ ᠨᠠᠮ ᠤᠨ ᠠᠵᠢᠯᠲᠠᠨ ᠬᠤᠷᠠᠯ ᠳᠤ  ᠤᠷᠤᠯᠴᠠᠵᠠᠢ᠃      ᠬᠤᠷᠠᠯ ᠠᠴᠠ ᠵᠢᠭᠠᠬᠤ ᠳᠠᠭᠠᠨ᠂ 2021 ᠣᠨ ᠳᠤ᠂ ᠪᠥᠬᠦ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠨ ᠥᠷᠨᠢᠭᠦᠯᠵᠦ᠂ ᠤᠷᠤᠭᠰᠢᠲᠠᠶ ᠠᠬᠢᠭᠤᠯᠵᠤ᠂ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠳᠤ ᠬᠦᠴᠦᠲᠡᠶ ᠲᠤᠯᠭᠠᠭᠤᠷᠢᠯᠠᠯ ᠪᠠ ᠪᠠᠲᠤ ᠴᠢᠩᠭ᠎ᠠ ᠪᠠᠲᠤᠯᠠᠭ᠎ᠠ ᠬᠠᠩᠭᠠᠵᠠᠢ᠃ 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠪᠣᠯᠤᠨ᠎ᠠ᠂  ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠬᠦᠨᠳᠦ ᠂ ᠠᠴᠢ ᠬᠤᠯᠪᠣᠭᠳᠠᠯ ᠭᠦᠨ ᠭᠦᠨᠵᠡᠭᠡᠢ ᠶᠤᠮ᠂ ᠪᠦᠬᠦ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ‌ᠨᠢ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠶᠢ ᠳᠤᠪᠤᠶᠢᠯᠭᠠᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠨᠢᠭᠡ ᠠᠯᠬᠤᠮ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠵᠣᠭᠰᠣᠴᠠ ᠪᠠ ᠤᠯᠤᠰ ᠲᠥᠷᠥ ᠶᠢᠨ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠨ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤ ᠪᠠᠷ ᠢᠶᠠᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠬᠡᠪ ᠤᠨ ᠪᠤᠰᠤ ᠠᠷᠠᠯᠵᠢᠶᠠᠨ ᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠢ᠃ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠡᠨᠡ ᠬᠦ ᠠᠵᠢᠯ ᠢ ᠰᠠᠶᠢᠲᠤᠷ ᠠᠳᠬᠤᠨ ᠪᠣᠳᠠᠲᠠᠶ ᠠᠳᠬᠤᠵᠤ᠂ ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠲᠥᠪᠯᠡᠷᠡᠭᠦᠯᠦᠨ ᠵᠠᠰᠠᠬᠤ ᠠᠵᠢᠯ ᠢ ᠬᠤᠭᠤᠴᠠᠭ᠎ᠠ ᠶᠣᠰᠣᠭᠠᠷ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠲᠣᠳᠣᠷᠬᠠᠶᠢᠯᠠᠵᠤ᠂ ᠪᠠᠷᠢᠮᠵᠢᠶᠠᠵᠢᠭᠤᠯᠵᠤ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠰᠠᠶᠢᠲᠤᠷ ᠬᠢᠵᠦ᠂ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠡᠷᠬᠡᠪᠰᠢ ᠲᠣᠭᠲᠠᠭᠰᠠᠨ ᠲᠡᠰ ᠳᠠᠷᠠᠭᠠᠯᠠᠯ ᠶᠣᠰᠣᠭᠠᠷ ᠨᠠᠮ ᠤᠨ ᠡᠭᠦᠷ ᠤᠨ ᠬᠤᠭᠤᠴᠠᠭ᠎ᠠ ᠰᠣᠯᠢᠬᠤ ᠠᠵᠢᠯ ᠢ ᠬᠢᠬᠦ ᠬᠡᠷᠡᠭᠲᠡᠢ᠃ ᠶᠡᠭᠡ ᠲᠠᠯ᠎ᠠ ᠳᠤ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠶᠡᠭᠡ ᠲᠠᠯ᠎ᠠ ᠳᠤ ᠦᠢᠯᠡᠴᠢᠯᠡᠬᠦ ᠠᠷᠭ᠎ᠠ ᠵᠠᠮ ᠢ ᠰᠦᠪᠡᠭᠴᠢᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠲᠠᠢ‌ᠤᠶᠠᠯᠳᠤᠭᠤᠯᠤᠨ᠂ ᠪᠦᠬᠦ ᠬᠤᠰᠢᠭᠤᠨ ᠤ ᠬᠡᠪᠴᠢᠶᠡᠨ ᠳᠤ ᠦᠭᠡᠳᠡᠯᠡᠨ ᠲᠠᠪᠰᠢᠬᠤ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠲᠤᠰ ᠪᠡᠶ᠎ᠡ ᠶᠢᠨ ᠴᠢᠳᠠᠪᠤᠷᠢ ᠪᠠᠨ ᠨᠡᠮᠡᠭᠳᠡᠭᠦᠯᠬᠦ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠠᠵᠢᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠭ᠎ᠠ ᠶᠢᠨ ᠰᠤᠷᠲᠠᠯ ᠢ ᠦᠷᠭᠦᠯᠵᠢᠯᠡᠨ ᠬᠤᠪᠢᠷᠠᠭᠤᠯᠵᠤ᠂ ᠰᠢᠨ᠎ᠡ ᠴᠠᠭ ᠦᠶ᠎ᠡ ᠶᠢᠨ  ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠪᠡ᠃      ᠬᠤᠷᠠᠯ ᠤᠨ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠵᠣᠷᠢᠭᠲᠤ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠶ᠎ᠠ︾ ᠭᠡᠬᠦ ᠭᠤᠤᠯ ᠰᠡᠳᠦᠪ ᠢᠶᠠᠷ ᠬᠤᠷᠠᠯ ᠳᠤ ᠣᠷᠣᠯᠴᠠᠭᠰᠠᠨ ᠪᠥᠬᠦ ᠬᠥᠮᠦᠰ ᠲᠤ ᠪᠣᠯᠪᠠᠰᠤᠷᠠᠯ ᠬᠦᠷᠲᠡᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号