ᠰᠠᠮᠠᠢ ᠰᠤᠮᠤ ᠭᠠᠯ ᠰᠡᠷᠭᠡᠶᠢᠯᠡᠵᠦ ᠭᠠᠯ ᠤᠨᠲᠠᠷᠠᠭᠠᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠦᠷᠨᠢᠭᠦᠯᠪᠡ
ᠨᠡᠶᠢᠲᠡᠯᠡᠭᠰᠡᠨ ᠴᠠᠭ᠄
2022/5/17
      5 ᠰᠠᠷ᠎ᠠ ᠶᠢᠨ11 ᠤ ᠡᠳᠦᠷ ᠤᠨ ᠦᠳᠡ ᠶᠢᠨ ᠡᠮᠦᠨ᠎ᠡ᠂ ᠰᠠᠮᠠᠢ ᠰᠤᠮᠤ ᠶᠢᠨ  ᠵᠠᠰᠠᠭ ᠤᠨ ᠣᠷᠳᠣᠨ ᠭᠤᠤᠯᠯᠠᠨ ᠡᠷᠭᠢᠯᠡᠵᠦ᠂  ᠬᠤᠰᠢᠭᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ  ᠦᠢᠯᠡᠴᠢᠯᠡᠭᠡᠨ ᠤ ᠲᠥᠪ ᠠᠴᠠ ᠬᠠᠮᠵᠢᠯᠴᠠᠨ᠂ ᠨᠠᠨᠴᠠᠩ ᠤᠨ ᠵᠠᠰᠠᠮᠠᠯ ᠵᠠᠮ ᠤᠨ ᠬᠥᠭᠦᠷᠭᠡ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠤᠯᠤᠰ ᠤᠨ ᠵᠠᠮ ᠤᠨ 331 ᠱᠤᠭᠤᠮ ᠤᠨ ᠠᠷᠤ ᠨᠠᠭᠤᠷ ᠤᠨ ᠪᠦᠳᠦᠭᠦᠨ ᠠᠴᠠ ᠤᠯᠢᠶᠠᠰᠤᠲᠠᠢ ᠬᠦᠷᠬᠦ ᠵᠠᠰᠠᠮᠠᠯ ᠵᠠᠮ ᠤᠨ ᠲᠥᠷᠥᠯ  ᠵᠦᠢᠯ ᠤᠨ ᠬᠡᠯᠲᠡᠰ ᠲᠤ ᠭᠠᠯ ᠰᠡᠷᠭᠡᠶᠢᠯᠡᠵᠦ ᠭᠠᠯ ᠤᠨᠲᠠᠷᠠᠭᠠᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ  ᠦᠷᠨᠢᠭᠦᠯᠪᠡ᠃ ᠤᠯᠤᠰ ᠤᠨ ᠵᠠᠮ ᠤᠨ 331 ᠱᠤᠭᠤᠮ ᠤᠨ ᠠᠷᠤ ᠨᠠᠭᠤᠷ ᠤᠨ ᠪᠦᠳᠦᠭᠦᠨ ᠠᠴᠠ ᠤᠯᠢᠶᠠᠰᠤᠲᠠᠢ ᠬᠦᠷᠬᠦ ᠵᠠᠰᠠᠮᠠᠯ ᠵᠠᠮ ᠤᠨ ᠲᠥᠷᠥᠯ  ᠵᠦᠢᠯ  ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ᠂ 3 ᠶᠡᠷᠦᠩᠬᠡᠶ ᠬᠢᠨᠠᠨ ᠪᠠᠶᠢᠴᠠᠭᠠᠬᠤ ᠠᠯᠪᠠᠨ ᠭᠡᠷ᠂ 6 ᠲᠥᠷᠥᠯ  ᠵᠦᠢᠯ ᠤᠨ ᠭᠡᠯᠲᠡᠰ ᠤᠨ ᠬᠢᠨ ᠰᠣᠷᠢᠯᠲᠠ ᠳᠤ ᠤᠷᠤᠯᠴᠠᠪᠠ᠃      ᠦᠳᠡ‌‍ᠶᠢᠨ ᠡᠮᠦᠨᠡᠬᠢ 10 ᠴᠠᠭ ᠲᠤ᠂  ᠬᠤᠰᠢᠭᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠦᠢᠯᠡᠴᠢᠯᠡᠭᠡᠨ ᠤ ᠲᠥᠪ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠢᠨᠵᠢᠯᠡᠬᠦ ᠤᠬᠠᠭᠠᠨᠴᠢ ᠪᠠᠷ ᠤᠨᠲᠠᠷᠠᠭᠠᠬᠤ ᠵᠢᠯᠣᠭᠤᠳᠣᠯᠭ᠎ᠠ᠂ ᠭᠠᠯ ᠤᠨᠲᠠᠷᠠᠭᠠᠬᠤ ᠮᠡᠳᠡᠯᠭᠡ ᠪᠠ ᠪᠠᠴᠢᠮ ᠪᠠᠶᠢᠳᠠᠯ ᠢ  ᠠᠷᠭᠠᠴᠠᠭᠠᠵᠤ ᠠᠶᠤᠯ ᠠᠴᠠ ᠵᠠᠶᠢᠯᠠᠬᠤ ᠶᠡᠷᠦ ᠶᠢᠨ ᠮᠡᠳᠡᠯᠭᠡ ᠪᠠᠷ ᠭᠤᠤᠯ ᠠᠭᠤᠯᠭ᠎ᠠ ᠪᠣᠯᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠪᠣᠳᠠᠲᠤ  ᠪᠠᠶᠢᠳᠠᠯ ᠲᠠᠢ ᠨᠢᠭᠲᠠ ᠤᠶᠠᠯᠳᠤᠭᠤᠯᠤᠨ᠂ ᠰᠠᠯᠬᠢᠨ ᠤ ᠬᠦᠴᠦ ᠪᠠᠷ ᠭᠠᠯ ᠤᠨᠲᠠᠷᠠᠭᠠᠬᠤ ᠮᠠᠰᠢᠨ᠂ ᠬᠤᠶᠠᠷ ᠨᠣᠮᠧᠷᠲᠦ ᠪᠠᠭᠠᠵᠢ ᠬᠡᠷᠡᠭᠰᠡᠯ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ᠂ ᠨᠤᠲᠤᠭ ᠪᠡᠯᠴᠢᠭᠡᠷ ᠤᠨ ᠭᠠᠯ ᠲᠦᠢᠮᠡᠷ ᠢ ᠤᠨᠲᠠᠷᠠᠭᠠᠬᠤ ᠦᠨᠳᠦᠰᠦᠨ ᠮᠡᠷᠭᠡᠵᠢᠯ ᠪᠠᠶᠢᠯᠳᠤᠬᠤ ᠠᠷᠭ᠎ᠠ ᠵᠡᠷᠭᠡ‌‍ᠲ᠋ᠠᠯ᠎ᠠ ᠪᠠᠷ ᠪᠣᠯᠪᠠᠰᠤᠷᠠᠯ ᠬᠦᠷᠲᠡᠭᠡᠪᠡ᠃      ᠰᠣᠷᠢᠯᠲᠠ ᠨᠢ ᠤᠯᠤᠰ ᠤᠨ ᠵᠠᠮ ᠤᠨ 331 ᠱᠤᠭᠤᠮ ᠤᠨ ᠣᠶᠢᠷᠠᠯᠴᠠᠭ᠎ᠠ ᠭᠡᠨᠡᠳᠲᠡ ᠡᠭᠦᠰᠦᠭᠰᠡᠨ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠢᠶᠠᠷ ᠠᠬᠤᠶ ᠪᠠᠶᠢᠳᠠᠯ ᠪᠣᠯᠭᠠᠵᠤ᠂ ᠭᠠᠯ ᠤᠨ ᠪᠠᠶᠢᠳᠠᠯ ᠢ ᠣᠯᠵᠤ ᠮᠡᠳᠡᠭᠰᠡᠨ ᠤ ᠳᠠᠷᠠᠭᠠᠬᠢ ᠮᠡᠳᠡᠭᠦᠯᠬᠦ ᠠᠯᠬᠤᠮ ᠳᠠᠷᠠᠭ᠎ᠠ᠂ ᠪᠠᠴᠢᠮ  ᠰᠢᠢᠳᠪᠤᠷᠢᠯᠡᠬᠦ᠂ ᠢᠯᠡ ᠭᠠᠯ ᠢ ᠤᠨᠲᠠᠷᠠᠭᠠᠬᠤ᠂ ᠨᠤᠷᠮ᠎ᠠ ᠶᠢ ᠨᠢ ᠴᠡᠪᠡᠷᠯᠡᠬᠦ᠂ ᠦᠯᠡᠳᠡᠭᠰᠡᠨ ᠠᠵᠢᠯ ᠢ ᠰᠢᠢᠳᠪᠦᠷᠢᠯᠡᠬᠦ ᠪᠦᠬᠦ ᠶᠠᠪᠤᠴᠠ ᠳᠤ ᠰᠤᠷᠢᠯᠲᠠ ᠬᠢᠭᠰᠡᠨ ᠪᠠᠶᠢᠨ᠎ᠠ᠃      ᠲᠣᠰ ᠤᠳᠠᠭᠠᠨ ᠤ ᠰᠣᠷᠢᠯᠲᠠ ᠨᠢ ᠣᠯᠠᠨ ᠤ ᠭᠠᠯ ᠤᠨ ᠠᠶᠤᠯ ᠢ ᠠᠷᠭᠠᠴᠠᠭᠠᠨ‌ᠠᠪᠤᠷᠠᠨ ᠲᠤᠰᠠᠯᠠᠬᠤ ᠶᠡᠷᠦᠩᠬᠡᠶᠢᠯᠡᠨ ᠵᠣᠬᠢᠴᠠᠭᠤᠯᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠶᠢ ᠰᠢᠯᠭᠠᠨ ᠪᠠᠶᠢᠴᠠᠭᠠᠵᠤ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠤ ᠬᠠᠮᠲᠤ ᠰᠣᠷᠢᠯᠲᠠ ᠬᠢᠬᠦ ᠪᠠᠷ ᠳᠠᠮᠵᠢᠭᠤᠯᠤᠨ ᠬᠥᠮᠦᠰ ᠲᠤ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠵᠤ ᠪᠠᠴᠢᠮ ᠪᠠᠶᠢᠳᠠᠯ ᠢ ᠠᠷᠭᠠᠴᠠᠬᠤ ᠠᠵᠢᠯᠯᠠᠭᠠᠨ ᠤ  ᠠᠯᠬᠤᠮ ᠳᠠᠷᠠᠭ᠎ᠠ ᠪᠣᠯᠤᠨ ᠠᠷᠭ᠎ᠠ ᠶᠢ ᠤᠯᠠᠮ ᠨᠢᠭᠡ ᠠᠯᠬᠤᠮ ᠣᠶᠢᠯᠠᠭᠠᠭᠤᠯᠤᠨ ᠡᠵᠡᠮᠰᠢᠭᠦᠯᠵᠦ᠂ ᠠᠶᠤᠯ ᠦᠭᠡᠶ ᠦᠢᠯᠡᠳᠪᠦᠷᠢᠯᠡᠯ ᠳᠤ ᠪᠠᠲᠤᠯᠠᠭ᠎ᠠ ᠬᠠᠩᠭᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号