ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠡᠳ᠋ ᠤᠨ ᠵᠠᠰᠠᠭ ᠵᠣᠭᠤᠰᠤᠨ ᠤ ᠲᠥᠷᠥ ᠶᠢᠨ ᠪᠣᠳᠣᠯᠭ᠎ᠠ ᠳᠤ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠷ ᠤᠳᠤᠷᠢᠳᠤᠮᠵᠢ ᠪᠣᠯᠭᠠᠨ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2022/5/17
      ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠡᠳ᠋ ᠤᠨ ᠵᠠᠰᠠᠭ ᠵᠣᠭᠤᠰᠤᠨ ᠤ ᠲᠥᠷᠥ ᠶᠢᠨ ᠪᠣᠳᠣᠯᠭ᠎ᠠ ᠳᠤ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠷ ᠤᠳᠤᠷᠢᠳᠤᠮᠵᠢ ᠪᠣᠯᠭᠠᠨ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ      ᠦᠯᠡᠳᠡᠭᠡᠯ ᠡᠳ᠋ ᠬᠥᠷᠥᠩᠭᠡ ᠶᠢ ᠤᠯᠠᠮ ᠨᠢᠭᠡ ᠠᠯᠬᠤᠮ ᠴᠢᠯᠦᠭᠡᠲᠡᠢ ᠭᠦᠢᠯᠭᠡᠭᠡᠵᠦ ᠨᠡᠶᠢᠭᠡᠮ ᠤᠨ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠦᠷᠭᠡᠳᠬᠡᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠲᠤᠬᠠᠢ ᠪᠠᠶᠢᠷᠢᠯᠠᠭᠤᠯᠪᠠ      ᠠᠵᠤ ᠠᠬᠤᠢ ᠶᠢᠨ ᠲᠠᠯ᠎ᠠ ᠪᠠᠷ ᠬᠦᠴᠢᠷᠳᠡᠯ ᠲᠠᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠱᠠᠲᠤᠴᠢ ᠴᠢᠨᠠᠷᠲᠠᠢ ᠪᠠᠷ ᠬᠡᠯᠲᠦᠷᠢᠭᠦᠯᠬᠦ ᠶᠢᠨ ᠬᠠᠮᠲᠤ ᠡᠬᠡ ᠮᠦᠩᠭᠦ ᠶᠢ ᠬᠤᠭᠤᠴᠠᠭ᠎ᠠ ᠬᠤᠶᠢᠰᠢᠯᠠᠭᠤᠯᠤᠨ ᠪᠤᠴᠠᠭᠠᠬᠤ ᠶᠢ ᠵᠦᠪᠰᠢᠶᠡᠷᠡᠬᠦ ᠪᠠᠷ ᠲᠣᠭᠲᠠᠪᠠ      ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 11  ᠤ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠳ᠋ᠤᠭᠠᠷ ᠰᠠᠷ᠎ᠠ ᠶᠢᠨ 11  ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠳ᠋ ᠤᠨ ᠵᠠᠰᠠᠭ ᠵᠣᠭᠤᠰᠤᠨ ᠤ ᠲᠦᠷᠦ ᠶᠢᠨ ᠪᠣᠳᠣᠯᠭ᠎ᠠ ᠳᠤ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠷ ᠤᠳᠤᠷᠢᠳᠤᠮᠵᠢ ᠪᠣᠯᠭᠠᠨ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ︔ ᠦᠯᠡᠳᠡᠭᠡᠯ ᠡᠳ᠋ ᠬᠥᠷᠥᠩᠭᠡ ᠶᠢ ᠤᠯᠠᠮ ᠨᠢᠭᠡ ᠠᠯᠬᠤᠮ ᠴᠢᠯᠦᠭᠡᠲᠡᠢ ᠭᠦᠢᠯᠭᠡᠭᠡᠵᠦ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠲᠤᠬᠠᠢ ᠪᠠᠶᠢᠷᠢᠯᠠᠭᠤᠯᠪᠠ︔ ᠠᠵᠤ ᠠᠬᠤᠢ ᠶᠢᠨ ᠲᠠᠯ᠎ᠠ ᠪᠠᠷ ᠬᠦᠴᠢᠷᠳᠡᠯ ᠲᠠᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠱᠠᠲᠤᠴᠢ ᠴᠢᠨᠠᠷᠲᠠᠢ ᠪᠠᠷ ᠬᠡᠯᠲᠦᠷᠢᠭᠦᠯᠬᠦ ᠶᠢᠨ ᠬᠠᠮᠲᠤ ᠡᠬᠡ ᠮᠦᠩᠭᠦ ᠶᠢ ᠬᠤᠭᠤᠴᠠᠭ᠎ᠠ ᠬᠤᠶᠢᠰᠢᠯᠠᠭᠤᠯᠤᠨ ᠪᠤᠴᠠᠭᠠᠬᠤ ᠶᠢ ᠵᠦᠪᠰᠢᠶᠡᠷᠡᠬᠦ ᠪᠠᠷ ᠲᠣᠭᠲᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨ᠎ᠡ ᠨᠢᠭᠡᠨ ᠡᠭᠡᠯᠵᠢ ᠶᠢᠨ ᠬᠢᠵᠢᠭ ᠤᠨ ᠪᠠᠶᠢᠳᠠᠯ ᠪᠠ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠶᠢᠨ ᠵᠢᠱᠢᠯᠲᠡ ᠠᠴᠠ ᠳᠠᠪᠠᠭᠰᠠᠨ ᠨᠥᠯᠥᠭᠡ ᠠᠴᠠ ᠪᠣᠯᠵᠤ᠂ 4 ᠳ᠋ᠦ᠋ᠭᠡᠷ ᠰᠠᠷ᠎ᠠ ᠳᠤ ᠠᠵᠤ ᠠᠬᠤᠢ ᠶᠢᠨ ᠰᠢᠨ᠎ᠡ ᠪᠠᠭᠤᠷᠠᠯᠲᠠ ᠶᠢᠨ ᠳᠠᠷᠤᠯᠲᠠ ᠤᠯᠠᠮ ᠨᠢᠭᠡ ᠠᠯᠬᠤᠮ ᠨᠡᠮᠡᠭᠳᠡᠪᠡ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠳᠤ ᠵᠥᠪ ᠢᠶᠠᠷ ᠬᠠᠨᠳᠤᠵᠤ᠂ ᠠᠵᠤ ᠠᠬᠤᠢ ᠶᠢᠨ ᠶᠡᠭᠡ ᠪᠠᠶᠢᠳᠠᠯ ᠢ ᠬᠦᠴᠦᠯᠡᠨ ᠲᠣᠭᠲᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠳᠤ ᠰᠠᠭᠤᠷᠢ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ ᠨᠢᠭᠡ ᠳᠤ᠂ ᠡᠳ᠋ ᠤᠨ ᠵᠠᠰᠠᠭ᠂ ᠵᠣᠭᠤᠰᠤᠨ ᠤ ᠲᠦᠷᠦ ᠶᠢᠨ ᠪᠣᠳᠣᠯᠭ᠎ᠠ ᠨᠢ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠷ ᠤᠳᠤᠷᠢᠳᠤᠮᠵᠢ ᠪᠣᠯᠭᠠᠨ᠂ ᠭᠠᠶᠢᠯᠢ ᠶᠢ ᠪᠤᠴᠠᠭᠠᠬᠤ ᠪᠠ ᠭᠠᠶᠢᠯᠢ ᠶᠢ ᠪᠠᠭᠠᠰᠬᠠᠬᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ᠂ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠲᠣᠭᠲᠠᠪᠤᠷᠢᠵᠢᠭᠤᠯᠬᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠬᠦᠴᠦᠯᠡᠬᠦ ᠪᠠᠷ ᠳᠠᠮᠵᠢᠨ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ᠂ ᠨᠡᠮᠡᠭᠳᠡᠯ ᠢ ᠲᠣᠭᠲᠠᠪᠤᠷᠢᠵᠢᠭᠤᠯᠤᠨ᠂ ᠬᠡᠷᠡᠭᠯᠡᠭᠡ ᠶᠢ ᠠᠬᠢᠭᠤᠯᠬᠤ ᠬᠡᠷᠡᠭᠲᠡᠢ᠃ ᠤᠯᠠᠨ ᠵᠦᠢᠯ ᠤᠨ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠤᠯᠠᠮ ᠴᠢᠨᠠᠭᠰᠢᠳᠠ ᠰᠣᠳᠤᠯᠤᠨ ᠬᠡᠷᠡᠭᠯᠡᠵᠦ᠂ ᠣᠷᠣᠨ ᠨᠤᠲᠤᠭ ᠤᠨ ᠢᠳᠡᠪᠬᠢᠵᠢᠯ ᠢ ᠳᠠᠶᠢᠴᠢᠯᠠᠬᠤ ᠶᠢᠨ ᠬᠠᠮᠲᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠪᠠᠶᠢᠷᠢ᠂ ᠠᠵᠢᠯ ᠣᠯᠭᠤᠯᠲᠠ ᠶᠢ ᠦᠨᠡᠨ ᠬᠦ ᠲᠣᠭᠲᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠪᠠᠷᠠᠭᠠᠨ ᠤ ᠦᠨ᠎ᠡ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠮᠠᠨ ᠤ ᠤᠯᠤᠰ ᠤᠨ ᠠᠷᠠᠳ ᠤᠨ ᠠᠮᠢᠳᠤᠷᠠᠯ ᠤᠨ ᠦᠨᠳᠦᠰᠦᠨ ᠬᠡᠷᠡᠭᠴᠡᠭᠡᠨ ᠤ ᠡᠳ᠋ ᠪᠣᠳᠠᠰ ᠤᠨ ᠬᠠᠩᠭᠠᠯᠭ᠎ᠠ ᠭᠦᠢᠴᠡᠳ ᠪᠠᠶᠢᠨ᠎ᠠ᠂ ᠭᠡᠪᠡᠴᠦ ᠡᠭᠦᠨ ᠢ ᠬᠥᠩᠭᠡᠪᠴᠢᠯᠡᠵᠦ ᠪᠣᠯᠬᠤ ᠦᠭᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠪᠣᠳᠠᠲᠠᠢ ᠠᠳᠬᠤᠵᠤ᠂ ᠠᠮᠤ ᠪᠤᠳᠠᠭᠠᠨ ᠤ ᠤᠨᠠᠯᠲᠠ ᠪᠣᠯᠣᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠰᠠᠭᠤᠷᠢ ᠶᠢ ᠪᠠᠲᠤᠳᠬᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠬᠦ ᠶᠢᠨ ᠬᠠᠮᠲᠤ ᠡᠳ᠋ ᠪᠠᠷᠠᠭᠠᠨ ᠤ ᠭᠦᠢᠯᠭᠡᠭᠡ ᠢᠯᠠᠩᠭᠤᠶ᠎ᠠ ᠭᠤᠣᠯᠳᠠᠯᠭ᠎ᠠ ᠲᠠᠢ ᠭᠠᠵᠠᠷ ᠣᠷᠣᠨ ᠤ ᠡᠳ᠋ ᠪᠠᠷᠠᠭᠠᠨ ᠤ ᠭᠦᠢᠯᠭᠡᠭᠡ ᠶᠢ ᠤᠯᠠᠮ ᠨᠢᠭᠡ ᠠᠯᠬᠤᠮ ᠰᠠᠭᠠᠳ ᠦᠭᠡᠢ ᠨᠠᠪᠲᠠᠷᠡᠭᠦᠯᠵᠦ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠭᠤᠷᠪᠠ ᠳᠤ᠂ ᠡᠨᠧᠷᠭᠢ ᠶᠢᠨ ᠬᠡᠪ ᠤᠨ ᠬᠠᠩᠭᠠᠯᠭ᠎ᠠ ᠶᠢ ᠪᠠᠲᠤᠯᠠᠨ᠎ᠠ᠃ ᠡᠮᠦᠨᠡᠬᠢ ᠬᠤᠭᠤᠴᠠᠭᠠᠨ ᠤ ᠲᠥᠪ ᠤᠨ ᠴᠠᠬᠢᠯᠭᠠᠨ ᠭᠠᠷᠭᠠᠬᠤ ᠠᠵᠤ ᠠᠬᠤᠶᠢᠯᠠᠯ ᠳᠤ ᠡᠭᠦᠰᠦᠮᠡᠯ ᠡᠨᠧᠷᠭᠢ ᠶᠢᠨ ᠰᠤᠷᠪᠤᠯᠵᠢ ᠶᠢᠨ ᠨᠥᠬᠦᠪᠦᠷᠢ ᠶᠢ 500 ᠳ᠋ᠦᠩᠰᠢᠭᠤᠷ ᠲᠥᠭᠦᠷᠢᠭ ᠰᠠᠯᠭᠠᠨ ᠥᠭᠴᠦ᠂ ᠤᠯᠤᠰ ᠤᠨ ᠦᠮᠴᠢᠯᠡᠯᠲᠤ ᠬᠥᠷᠥᠩᠭᠡ ᠶᠢᠨ ᠡᠵᠡᠩᠨᠡᠯᠲᠡ ᠶᠢᠨ ᠲᠥᠰᠥᠪ ᠲᠤ 200 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠰᠠᠭᠤᠷᠢᠨ ᠳᠡᠭᠡᠷ᠎ᠡ᠂ ᠳᠠᠬᠢᠨ 500 ᠳ᠋ᠦᠩᠰᠢᠭᠤᠷ ᠲᠥᠭᠦᠷᠢᠭ ᠤᠨ ᠨᠥᠬᠦᠪᠦᠷᠢ ᠪᠡᠯᠡ ᠮᠥᠩᠭᠦ ᠶᠢ ᠰᠠᠯᠭᠠᠨ ᠥᠭᠴᠦ᠂ 100 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ ᠬᠦᠴᠢᠷᠳᠡᠯ ᠢᠶᠠᠨ ᠲᠠᠶᠢᠯᠬᠤ ᠪᠠ ᠢᠯᠡᠭᠦᠬᠡᠨ ᠴᠠᠬᠢᠯᠭᠠᠨ ᠭᠠᠷᠭᠠᠬᠤ ᠶᠢ ᠳᠡᠮᠵᠢᠨ᠎ᠡ᠃ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠵᠣᠬᠢᠴᠠᠭᠤᠯᠭ᠎ᠠ ᠪᠠᠨ ᠴᠢᠩᠭᠠᠳᠬᠠᠨ᠂ ᠲᠡᠷᠢᠭᠦᠨ ᠤ ᠨᠡᠭᠦᠷᠡᠰᠦ ᠦᠢᠯᠡᠳᠪᠦᠷᠢᠯᠡᠬᠦ ᠴᠢᠳᠠᠮᠵᠢ ᠶᠢ ᠠᠮᠤᠷ ᠲᠦᠪᠰᠢᠨ ᠡᠮᠬᠢ ᠳᠢᠭᠯᠢᠮ ᠲᠠᠢ ᠪᠠᠷ ᠪᠠᠳᠠᠷᠠᠭᠤᠯᠬᠤ ᠬᠡᠷᠡᠭᠲᠡᠢ᠃ ᠬᠠᠭᠠᠯᠲᠠ ᠶᠢ ᠬᠠᠭᠠᠵᠤ ᠴᠠᠬᠢᠯᠭᠠᠨ ᠢ ᠬᠢᠵᠠᠭᠠᠷᠯᠠᠬᠤ ᠦᠵᠡᠭᠳᠡᠯ ᠭᠠᠷᠬᠤ ᠶᠢ ᠤᠭᠳᠤ ᠵᠥᠪᠰᠢᠶᠡᠷᠡᠬᠦ ᠦᠭᠡᠢ᠃ ᠳᠥᠷᠪᠡ ᠳᠤ᠂ ᠣᠳᠣᠬᠠᠨ ᠳᠤ ᠬᠦᠴᠢᠷᠳᠡᠯ ᠲᠠᠢ ᠪᠠᠶᠢᠭ᠎ᠠ ᠠᠵᠤ ᠠᠬᠤᠶᠢᠯᠠᠯ ᠪᠠ ᠠᠵᠢᠯᠲᠠᠨ ᠠᠵᠢᠯᠴᠢᠨ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ ᠡᠨᠡ ᠵᠢᠯ ᠤᠨ ᠰᠡᠭᠦᠯᠴᠢ ᠠᠴᠠ ᠡᠮᠦᠨ᠎ᠡ ᠠᠵᠤ ᠠᠬᠤᠶᠢᠯᠠᠯ ᠭᠤᠶᠤᠴᠢᠯᠠᠭᠰᠠᠭᠠᠷ ᠳᠠᠷᠤᠢ ᠬᠤᠶᠢᠰᠢᠯᠠᠭᠤᠯᠤᠨ ᠲᠤᠰᠢᠶᠠᠵᠤ ᠪᠣᠯᠬᠤ ᠪᠣᠯᠭᠠᠪᠠ᠃ ᠡᠨᠡ ᠨᠢ ᠠᠵᠢᠯᠲᠠᠨ ᠠᠵᠢᠯᠴᠢᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠬᠡᠪ ᠤᠨ ᠶᠣᠰᠣᠭᠠᠷ ᠭᠠᠷᠭᠠᠨ ᠠᠪᠬᠤ ᠪᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠶᠢ ᠨᠦᠯᠦᠭᠡᠯᠡᠬᠦ ᠦᠭᠡᠢ ᠪᠠᠶᠢᠵᠤ᠂ ᠵᠢᠱᠢᠯᠲᠡ ᠪᠠᠷ ᠠᠵᠤ ᠠᠬᠤᠶᠢᠯᠠᠯ ᠤᠨ ᠳᠠᠷᠤᠭᠠᠰᠤ ᠶᠢ 900 ᠭᠠᠷᠤᠢ ᠳ᠋ᠦᠩᠰᠢᠭᠤᠷ ᠲᠥᠭᠦᠷᠢᠭ ᠬᠦᠩᠭᠡᠷᠡᠭᠦᠯᠵᠦ ᠴᠢᠳᠠᠨ᠎ᠠ᠃ ᠠᠵᠢᠯᠲᠠᠨ ᠠᠵᠢᠯᠴᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠠᠨ ᠬᠡᠪ ᠤᠨ ᠶᠣᠰᠣᠭᠠᠷ ᠪᠤᠴᠠᠭᠠᠭᠰᠠᠨ ᠦᠭᠡᠢ ᠪᠠᠶᠢᠪᠠᠯ᠂ ᠬᠤᠭᠤᠴᠠᠭ᠎ᠠ ᠠᠴᠠ ᠬᠡᠲᠦᠷᠡᠭᠰᠡᠨ ᠢᠶᠠᠷ ᠪᠣᠳᠤᠬᠤ ᠦᠭᠡᠢ᠃ ᠡᠯ᠎ᠡ ᠭᠠᠵᠠᠷ ᠤᠨ ᠬᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠭᠡᠷ ᠳᠦᠷᠢᠶᠡᠰᠦᠯᠡᠬᠦ ᠳᠤ ᠭᠠᠷᠭᠠᠨ ᠠᠪᠬᠤ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠪᠠᠷ ᠳᠡᠭᠡᠭᠰᠢᠯᠡᠭᠦᠯᠵᠦ ᠪᠣᠯᠤᠨ᠎ᠠ᠃ ᠲᠠᠪᠤ ᠳᠤ᠂ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠪᠠ ᠬᠡᠷᠡᠭᠵᠢᠭᠦᠯᠬᠦ ᠬᠤᠭᠤᠴᠠᠭ᠎ᠠ ᠶᠢ ᠤᠷᠲᠤᠳᠬᠠᠬᠤ ᠠᠷᠭ᠎ᠠ ᠬᠡᠮᠵᠢᠶ᠎ᠡ ᠶᠢ ᠱᠠᠯᠠᠪᠳᠠᠨ ᠰᠤᠳᠤᠯᠵᠤ᠂ ᠣᠷᠣᠨ ᠨᠤᠲᠤᠭ ᠢ ᠵᠢᠭᠠᠨ ᠵᠢᠯᠤᠭᠤᠳᠴᠤ ᠪᠠᠶᠢᠭᠠᠳ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠰᠤ ᠴᠠᠬᠢᠯᠭᠠᠨ ᠬᠡᠢ ᠵᠡᠷᠭᠡ ᠶᠢᠨ ᠵᠠᠷᠤᠳᠠᠯ ᠳᠤ ᠨᠥᠬᠦᠪᠦᠷᠢ ᠣᠯᠭᠤᠨ᠎ᠠ ᠭᠡᠵᠡᠢ᠃      ᠬᠤᠷᠠᠯ ᠠᠴᠠ᠂ ᠰᠠᠭᠤᠷᠢ ᠲᠥᠬᠦᠭᠡᠷᠦᠮᠵᠢ ᠵᠡᠷᠭᠡ ᠦᠯᠡᠳᠡᠭᠡᠯ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠨᠢ ᠨᠡᠶᠢᠭᠡᠮ ᠤᠨ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠬᠦ ᠪᠠ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠪᠠᠭᠠᠰᠬᠠᠬᠤ ᠳᠤ ᠠᠰᠢᠭᠲᠠᠢ ᠶᠤᠮ᠃ ᠨᠢᠭᠡ ᠳᠤ᠂ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ᠵᠡᠷᠭᠡ ᠶᠢ ᠲᠠᠷᠬᠠᠭᠠᠬᠤ ᠪᠠᠷ ᠳᠠᠮᠵᠢᠭᠤᠯᠤᠨ ᠴᠢᠯᠦᠭᠡᠲᠡᠢ ᠭᠦᠢᠯᠭᠡᠭᠡᠬᠦ ᠶᠢ ᠵᠣᠷᠢᠭᠵᠢᠭᠤᠯᠤᠨ᠎ᠠ᠃ ᠣᠷᠣᠨ ᠨᠤᠲᠤᠭ ᠢ ᠵᠢᠭᠠᠨ ᠵᠢᠯᠤᠭᠤᠳᠴᠤ ᠪᠠᠶᠢᠭᠠᠳ ᠲᠠᠲᠠᠬᠤ ᠬᠦᠴᠦᠨ ᠲᠠᠢ ᠲᠦᠷᠦᠯ ᠵᠦᠢᠯ ᠢᠶᠠᠷ ᠵᠢᠱᠢᠶ᠎ᠡ ᠦᠵᠡᠭᠦᠯᠵᠦ᠂ ᠪᠡᠯᠡ ᠣᠷᠣᠭᠤᠯᠤᠯᠲᠠ ᠳᠤ ᠣᠷᠣᠯᠴᠠᠭᠰᠠᠨ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠨᠢᠭᠡ ᠯᠡ ᠠᠳᠠᠯᠢ ᠪᠠᠷ ᠬᠠᠨᠳᠤᠨ᠎ᠠ᠃ ᠬᠤᠶᠠᠷ ᠲᠤ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠲᠦᠷᠦᠯ ᠵᠦᠢᠯ ᠤᠨ ᠠᠰᠢᠭ ᠣᠷᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠭᠡᠭᠦᠯᠦᠨ ᠬᠤᠷᠢᠶᠠᠭᠰᠠᠨ ᠪᠡᠯᠡ ᠮᠥᠩᠭᠦ ᠪᠠᠷ ᠰᠢᠨ᠎ᠡ ᠲᠥᠷᠥᠯ ᠵᠦᠢᠯ ᠳᠤ ᠪᠡᠯᠡ ᠣᠷᠤᠭᠤᠯᠵᠤ᠂ ᠲᠤᠰᠬᠠᠢ ᠵᠦᠢᠯ ᠤᠨ ᠥᠷᠢ ᠥᠭᠴᠡᠭᠡ ᠳᠤ ᠳᠡᠮᠵᠢᠯᠭᠡ ᠦᠵᠡᠭᠦᠯᠵᠦ ᠪᠣᠯᠣᠨ᠎ᠠ᠃ ᠭᠤᠷᠪᠠ ᠳᠤ᠂ ᠵᠠᠬ᠎ᠠ ᠳᠡᠯᠭᠡᠭᠦᠷᠴᠢᠯᠡᠬᠦ ᠪᠠ ᠬᠠᠤᠯᠢ ᠪᠠᠷ ᠵᠠᠰᠠᠬᠤ ᠵᠠᠷᠴᠢᠮ ᠢ ᠪᠠᠷᠢᠮᠲᠠᠯᠠᠵᠤ᠂ ᠠᠷᠠᠯᠵᠢᠶᠠᠨ ᠤ ᠦᠨ᠎ᠡ ᠬᠠᠩᠰᠢ ᠶᠢ ᠢᠯᠡ ᠲᠣᠳᠣ ᠲᠣᠭᠲᠠᠭᠠᠬᠤ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ᠯᠠᠪᠳᠠᠭᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠤᠯᠠᠨ ᠨᠡᠶᠢᠲᠡ ᠶᠢᠨ ᠠᠰᠢᠭ ᠲᠤᠰᠠ ᠶᠢ ᠪᠠᠲᠤᠯᠠᠨ᠎ᠠ ᠭᠡᠵᠦ ᠵᠢᠭᠠᠵᠤ ᠭᠠᠷᠭᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠪᠣᠯ ᠠᠮᠢᠳᠤᠷᠠᠯ  ᠨᠢ ᠬᠦᠴᠢᠷᠳᠡᠯ ᠲᠠᠢ ᠭᠡᠷ ᠪᠦᠯᠢ ᠶᠢᠨ ᠰᠤᠷᠤᠭᠴᠢᠳ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠡᠷᠬᠡ ᠲᠡᠭᠰᠢ ᠪᠠᠷ ᠭᠥᠷᠳᠡᠬᠦ ᠶᠢ ᠪᠠᠲᠤᠯᠠᠬᠤ ᠨᠢᠭᠡ ᠵᠦᠢᠯ ᠤᠨ ᠴᠢᠬᠤᠯᠠ ᠳᠦᠷᠢᠮ ᠮᠥᠨ ᠭᠡᠵᠡᠢ᠃ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠤᠭ᠎ᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠂ ᠲᠡᠳᠡᠨ ᠤ ᠳᠠᠷᠤᠭᠠᠰᠤ ᠶᠢ ᠬᠥᠩᠭᠡᠯᠡᠬᠦ ᠪᠠ ᠠᠵᠢᠯ ᠣᠯᠬᠤ ᠶᠢ ᠬᠠᠪᠰᠤᠷᠤᠨ ᠲᠡᠳᠬᠦᠬᠦ ᠶᠢᠨ ᠲᠤᠰᠠᠳᠠ᠂ ᠬᠤᠷᠠᠯ ᠠᠴᠠ᠂ ᠡᠨᠡ ᠵᠢᠯ ᠵᠢᠴᠢ ᠡᠮᠦᠨᠡᠬᠢ ᠵᠢᠯ ᠤᠳ ᠤᠨ ᠲᠡᠭᠦᠰᠦᠭᠰᠡᠳ ᠤᠨ ᠡᠨᠡ ᠵᠢᠯ ᠤᠨ ᠲᠦᠯᠦᠬᠦ ᠶᠣᠰᠣᠲᠠᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠵᠦ᠂ ᠬᠦᠦ ᠮᠥᠩᠭᠦ ᠶᠢ ᠨᠢ ᠬᠡᠯᠲᠦᠷᠢᠭᠦᠯᠬᠦ ᠪᠡᠯᠡ ᠮᠥᠩᠭᠦ ᠶᠢ ᠤᠯᠤᠰ ᠤᠨ ᠡᠳ᠋ ᠤᠨ ᠵᠠᠰᠠᠭ ᠠᠴᠠ ᠡᠭᠦᠷᠭᠡᠯᠡᠨ᠎ᠡ︔ ᠡᠬᠡ ᠮᠥᠩᠭᠦ ᠶᠢ ᠨᠢᠭᠡ ᠵᠢᠯ ᠬᠤᠶᠢᠰᠢᠯᠠᠭᠤᠯᠤᠨ ᠲᠥᠯᠥᠬᠦ ᠪᠠᠷ ᠭᠤᠶᠤᠴᠢᠯᠠᠵᠤ ᠪᠣᠯᠣᠨ᠎ᠠ᠂ ᠳᠠᠪᠬᠤᠷ ᠬᠦᠦ ᠮᠥᠩᠭᠦ ᠪᠣᠳᠣᠬᠤ ᠦᠭᠡᠢ᠃ ᠲᠡᠭᠦᠰᠬᠦ ᠰᠤᠷᠤᠭᠴᠢᠳ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠡᠨᠡ ᠵᠢᠯ ᠵᠢᠭᠡᠯᠡᠯᠭᠡ ᠪᠠᠨ ᠴᠠᠭ ᠲᠤᠬᠠᠢ ᠳᠤ ᠨᠢ ᠪᠤᠴᠠᠭᠠᠭᠰᠠᠨ ᠦᠭᠡᠢ ᠴᠤ ᠢᠲᠡᠭᠡᠮᠵᠢ ᠶᠢ ᠨᠢ ᠨᠥᠯᠥᠭᠡᠯᠡᠬᠦ ᠦᠭᠡᠢ᠃ ᠵᠢᠱᠢᠯᠲᠡ ᠪᠠᠷ 20 ᠭᠠᠷᠤᠢ ᠳ᠋ᠦᠩᠰᠢᠭᠤᠷ ᠲᠥᠭᠦᠷᠢᠭ ᠤᠨ ᠬᠦᠦ ᠮᠥᠩᠭᠦ ᠶᠢ ᠬᠡᠯᠲᠦᠷᠢᠭᠦᠯᠵᠦ᠂ 50 ᠭᠠᠷᠤᠢ ᠳ᠋ᠦᠩᠰᠢᠭᠤᠷ ᠲᠥᠭᠦᠷᠢᠭ ᠡᠬᠡ ᠮᠥᠩᠭᠦ ᠶᠢᠨ ᠪᠤᠴᠠᠭᠠᠬᠤ ᠬᠤᠭᠤᠴᠠᠭ᠎ᠠ ᠶᠢ ᠤᠷᠲᠤᠳᠬᠠᠵᠤ᠂ 400 ᠭᠠᠷᠤᠢ ᠲᠦᠮᠡᠨ ᠲᠡᠭᠦᠰᠬᠦ ᠰᠤᠷᠤᠭᠴᠢᠳ ᠲᠤ ᠠᠰᠢᠭ ᠲᠤᠰᠠ ᠬᠦᠷᠲᠡᠭᠡᠬᠦ ᠪᠣᠯᠤᠨ᠎ᠠ᠃ ᠡᠯ᠎ᠡ ᠶᠡᠭᠡ ᠳᠡᠭᠡᠳᠦ ᠰᠤᠷᠭᠠᠭᠤᠯᠢ ᠪᠣᠯᠣᠨ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠠᠵᠢᠯ ᠤᠨ ᠵᠣᠯᠭᠠᠯᠴᠠᠭ᠎ᠠ ᠪᠠᠨ ᠴᠢᠩᠭᠠᠳᠬᠠᠵᠤ᠂ ᠣᠨᠴᠠᠭᠠᠢ ᠶᠠᠪᠤᠳᠠᠯ ᠢ ᠣᠨᠴᠠᠭᠠᠢ ᠭᠦᠢᠴᠡᠳᠬᠡᠨ ᠲᠦᠷᠦ ᠶᠢᠨ ᠪᠣᠳᠣᠯᠭ᠎ᠠ ᠶᠢᠨ ᠡᠳ᠋ᠯᠡᠪᠡᠰᠦ ᠵᠣᠬᠢᠬᠤ ᠶᠢ ᠨᠢ ᠠᠯᠢ ᠲᠦᠷᠭᠡᠨ ᠢᠶᠠᠷ ᠡᠳ᠋ᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠦᠪᠦᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号