ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠡᠰᠢᠭᠦᠳ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/5/18
      5 ᠰᠠᠷ᠎ᠠ ᠶᠢᠨ 12 ᠤᠨ ᠡᠳᠦᠷ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠥ᠋ᠩᠬᠡ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ  ᠬᠤᠷᠢᠶ᠎ᠠ ᠶᠢᠨ ᠨᠢᠭᠡᠳᠦᠭᠡᠷ ᠣᠳᠠᠭᠠᠨ ᠤ ᠪᠠᠶᠢᠩᠭᠤ ᠶᠢᠨ ᠬᠡᠰᠢᠭᠦᠳ ᠤᠨ ᠬᠤᠷᠠᠯ ᠢ ᠡᠷᠭᠢᠯᠡᠨ  ᠬᠤᠷᠠᠯᠳᠤᠭᠤᠯᠵᠠᠢ᠃        ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳᠠᠪᠰᠢᠯᠲᠤ᠂ ᠰᠢᠶᠣᠤ ᠮᠢᠩ᠂ ᠶᠠᠨ ᠴᠢ ᠵᠢᠶᠦ᠋ᠨ᠂ ᠪᠦᠬᠡᠤᠳᠽᠠᠷ ᠵᠢᠴᠢ ᠬᠤᠰᠢᠭᠤ ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠠᠴᠠ ︽ᠰᠢ ᠶᠢᠨ ᠫᠢᠩ ᠨᠥᠬᠦᠷ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ︾ ᠂ ︽ᠰᠢ ᠶᠢᠨ ᠫᠢᠩ ᠨᠥᠬᠦᠷ ᠤᠨ ᠲᠥᠪ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠤᠷᠠᠯ ᠵᠢᠴᠢ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 70 ᠵᠢᠯ ᠤᠨ ᠤᠢ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠰᠢᠨ᠎ᠡ ᠴᠠᠭ ᠦᠶ᠎ᠡ ᠶᠢᠨ ᠬᠤᠲᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾᠂ ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠳᠦᠷᠢᠮ︾ ᠪᠠ ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠬᠤᠷᠢᠶᠠᠨ ᠤ ᠭᠡᠰᠢᠭᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠳᠦᠷᠢᠮ︾ ᠢ ᠤᠯᠠᠮᠵᠢᠯᠠᠨ ᠰᠤᠷᠤᠯᠴᠠᠵᠤ᠂ ︽ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠬᠡᠰᠡᠭ ᠲᠤᠰᠬᠠᠢ ᠵᠥᠪᠯᠡᠯ ᠤᠨ ᠡᠷᠬᠢᠯᠡᠭᠴᠢ ᠶᠢ ᠲᠤᠰᠢᠶᠠᠯ ᠠᠴᠠ ᠪᠠᠭᠤᠯᠭᠠᠬᠤ ᠲᠤᠬᠠᠢ ᠲᠣᠭᠲᠠᠭᠠᠯ ︵ᠲᠥᠰᠦᠯ︶︾ ᠢ ᠬᠢᠨᠠᠨ ᠵᠥᠪᠯᠡᠵᠦ ᠪᠠᠲᠤᠯᠠᠨ᠂ ︽ᠵᠡᠭᠦᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ 2022 ᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ︾ ᠶᠢ ᠨᠡᠶᠢᠲᠡᠯᠡᠪᠡ᠃      ᠪᠠᠲᠤᠮᠥ᠋ᠩᠬᠡ ᠵᠢᠭᠠᠬᠤ ᠳᠠᠭᠠᠨ᠂ ᠡᠨᠡ ᠵᠢᠯ ᠪᠣᠯ ᠠᠷᠪᠠᠨ ᠨᠢᠭᠡᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠡᠬᠢᠨ ᠤ ᠵᠢᠯ ᠪᠣᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠂ ᠪᠠᠶᠢᠩᠭᠤ ᠶᠢᠨ ᠭᠡᠰᠢᠭᠦᠳ ᠰᠢ ᠶᠢᠨ ᠫᠢᠩ ᠤᠨ ᠰᠢᠨ᠎ᠡ ᠴᠠᠭ ᠦᠶ᠎ᠡ ᠵᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂  ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ  ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠤᠬᠠᠮᠰᠠᠷ ᠠᠴᠠ ᠪᠠᠨ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠪᠥᠬᠦ ᠬᠤᠰᠢᠭᠤᠨ ᠤ ᠬᠥᠭᠵᠢᠯᠲᠡ‌‍ᠳᠤ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠥᠪᠡᠷ ᠤᠨ ᠤᠯᠤᠰ ᠲᠦᠷᠦ ᠶᠢᠨ ᠪᠣᠯᠪᠠᠰᠤᠷᠠᠯ ᠪᠠ ᠠᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠡᠷᠡᠭᠴᠡᠭᠡ ᠳᠤ ᠨᠡᠩ ᠰᠠᠶᠢᠲᠤᠷ ᠵᠣᠬᠢᠴᠠᠬᠤ ᠬᠡᠷᠡᠭᠲᠡᠢ᠃ ᠪᠦᠯᠬᠦᠮᠳᠡᠯ ᠠᠷᠠᠳᠴᠢᠯᠠᠯ ᠤᠨ ᠲᠠᠯ᠎ᠠ ᠪᠠᠷ ᠪᠦᠬᠦ ᠭᠡᠰᠢᠭᠦᠳ ᠲᠤ ᠦᠯᠢᠭᠡᠷ ᠳᠠᠭᠤᠷᠢᠶᠠᠯ ᠦᠵᠡᠭᠦᠯᠵᠦ᠂ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠨ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠨᠡᠶᠢᠭᠡᠮ ᠳᠠᠬᠢ ᠨᠡᠭᠡᠭᠡᠯᠲᠡ ᠶᠢᠨ ᠬᠡᠮᠵᠢᠶ᠎ᠡ᠂ ᠤᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠪᠠ  ᠠᠵᠢᠯ ᠲᠥᠷᠥᠯ ᠤᠨ ᠠᠭᠤᠰᠤᠯᠴᠠᠯ ᠤᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠦᠴᠦᠷᠬᠡᠭ ᠶᠡᠭᠡ ᠠᠵᠢᠯ ᠤᠨ ᠬᠠᠮᠲᠦᠷᠠᠭᠰᠠᠨ ᠬᠦᠴᠦᠨ ᠢ ᠪᠤᠢ ᠪᠣᠯᠭᠠᠬᠤ ᠬᠡᠷᠡᠭᠲᠡᠢ᠃ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠣᠯᠠᠨ ᠲᠦᠮᠡᠨᠴᠢ ᠦᠵᠡᠯᠲᠡ ᠶᠢ ᠪᠠᠲᠤ ᠪᠠᠬᠢ ᠪᠣᠢ ᠪᠣᠯᠭᠠᠵᠤ᠂ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠬᠦᠴᠢᠷ ᠵᠣᠪᠠᠭᠤᠷᠢ ᠶᠢ ᠢᠯᠡᠭᠦᠬᠡᠨ ᠰᠢᠢᠳᠪᠦᠷᠢᠯᠡᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠢᠳᠡᠪᠬᠢᠲᠡᠢ ᠬᠠᠮᠵᠢᠨ ᠡᠯ᠎ᠡ ᠲᠠᠯ᠎ᠠ ᠶᠢᠨ ᠠᠰᠢᠭ ᠲᠤᠰᠠ ᠶᠢᠨ ᠬᠠᠷᠢᠴᠠᠭ᠎ᠠ ᠶᠢ ᠵᠣᠬᠢᠰᠲᠠᠢ ᠰᠢᠢᠳᠪᠦᠷᠢᠯᠡᠵᠦ᠂ ᠪᠦᠬᠦ ᠬᠤᠰᠢᠭᠤᠨ ᠤ ᠠᠷᠠᠳ ᠲᠦᠮᠡᠨ ᠳᠤ ᠨᠡᠶᠢᠭᠡᠮ ᠤᠨ ᠬᠥᠭᠵᠢᠯᠲᠡ ᠶᠢᠨ ᠠᠰᠢᠭ ᠲᠤᠰᠠ ᠶᠢ ᠨᠠᠩ ᠣᠯᠠᠨ ᠡᠳ᠋ᠯᠡᠭᠦᠯᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠴᠢᠬᠤᠯᠠ ᠴᠢᠨᠠᠷ ᠪᠠ ᠡᠭᠦᠷᠭᠡᠯᠡᠵᠦ ᠪᠠᠶᠢᠭ᠎ᠠ ᠡᠭᠦᠷᠭᠡ ᠶᠢ ᠭᠦᠨᠵᠡᠭᠡᠢ ᠲᠠᠨᠢᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠬᠠᠮᠳᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠰᠠᠨᠠᠯ ᠰᠠᠨᠠᠭᠤᠯᠭ᠎ᠠ ᠪᠠᠨ ᠵᠣᠷᠢᠭᠲᠠᠢ ᠳᠤᠷᠠᠳᠤᠨ᠂ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠥᠪᠡᠷ ᠤᠨ ᠬᠦᠴᠦᠨ ᠴᠢᠳᠠᠯ ᠢᠶᠠᠨ ᠢᠳᠡᠪᠬᠢᠲᠡᠢ ᠪᠠᠷ ᠡᠷᠭᠦᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃        ᠬᠤᠷᠠᠯ ᠤᠨ ᠳᠠᠷᠠᠭ᠎ᠠ᠂ ᠤᠯᠠᠨ ᠢᠶᠠᠷ ᠢᠶᠠᠨ ᠨᠣᠮ ᠣᠩᠰᠢᠭᠰᠠᠨ ᠢᠶᠠᠨ ᠬᠤᠪᠢᠶᠠᠯᠴᠠᠭᠰᠠᠨ ᠸᠢᠳᠢᠣ᠋ ᠶᠢ ᠦᠵᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号