ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ  ᠨᠢᠭᠡᠳᠦᠭᠡᠷ ᠣᠳᠠᠭᠠᠨ ᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/5/18
      5 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠨᠢᠭᠡᠳᠦᠭᠡᠷ ᠣᠳᠠᠭᠠᠨ ᠤ ᠬᠤᠷᠠᠯ ᠢ ᠡᠷᠭᠢᠯᠡᠨ‌ᠬᠤᠷᠠᠯᠳᠤᠭᠤᠯᠵᠠᠢ᠃  ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ‌‍ᠶᠢ ᠦᠨᠡᠯᠡᠨ ᠰᠢᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠤᠯᠠᠮᠵᠢᠯᠠᠨ ᠰᠤᠷᠤᠯᠴᠠᠵᠤ᠂ ︽2021 ᠣᠨ ᠤ ᠪᠥᠬᠦ ᠠᠶᠢᠮᠠᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠬᠤᠷᠠᠯ ᠤᠨ ᠦᠨᠡᠯᠡᠯᠲᠡ ᠬᠢᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠨᠡᠶᠢᠲᠡᠯᠡᠵᠦ᠂ ︽2021 ᠣᠨ ᠤ ᠰᠤᠮᠤ ᠪᠠᠯᠭᠠᠰᠤᠨ ᠤ ᠨᠠᠮ ᠤᠨ ᠬᠤᠷᠢᠶ᠎ᠠ ᠪᠠ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠠᠵᠢᠯ ᠤᠨ ᠬᠤᠷᠢᠶ᠎ᠠ︶ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠶᠡᠷᠦᠩᠬᠡᠶᠢᠯᠡᠭᠰᠡᠨ ᠦᠨᠡᠯᠡᠯᠲᠡ ᠶᠢᠨ ᠵᠡᠷᠭᠡ‌‍ᠲ᠋ᠡᠰ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ  ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠵᠢᠯ ᠤᠨ ᠭᠤᠤᠯᠳᠠᠯᠭ᠎ᠠ︾ ᠶᠢ ᠰᠤᠳᠤᠯᠤᠨ ᠬᠢᠨᠠᠨ ᠵᠦᠪᠯᠡᠵᠡᠢ᠃      ᠬᠢᠩᠭᠠᠨ ᠵᠢᠭᠠᠬᠤ ᠳᠠᠭᠠᠨ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ  ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠠᠷᠢᠭᠤᠴᠠᠯᠭ᠎ᠠ ᠪᠠᠨ ᠮᠡᠳᠡᠵᠤ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠠᠬᠤᠢ ᠶᠢ ᠪᠤᠢ ᠪᠣᠯᠭᠠᠬᠤ ᠬᠡᠷᠡᠭᠲᠡᠢ ᠭᠡᠵᠡᠢ᠃      ᠬᠢᠩᠭᠠᠨ ᠴᠢᠬᠤᠯᠠᠴᠢᠯᠠᠬᠤ ᠳᠠᠭᠠᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠦᠵᠡᠯ ᠰᠠᠨᠠᠭ᠎ᠠ  ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠢ ᠥᠷᠨᠢᠭᠦᠯᠵᠦ᠂ ᠠᠰᠠᠭᠤᠳᠠᠯ ᠢ ᠪᠦᠬᠦ ᠲᠠᠯ᠎ᠠ ᠪᠠᠷ ᠣᠨᠣᠪᠴᠢᠲᠠᠢ ᠡᠷᠢᠵᠦ ᠪᠣᠳᠠᠲᠠᠢ ᠪᠠᠶᠢᠴᠠᠭᠠᠵᠤ᠂ ︽ᠳᠠᠷᠦᠶᠢᠬᠠᠨ ᠵᠠᠯᠠᠷᠠᠭᠤᠯᠬᠤ︾ ᠪᠣᠯᠤᠨ ︽ᠤᠷᠳᠤ ᠬᠤᠭᠤᠴᠠᠭ᠎ᠠ ᠪᠠᠷᠢᠮᠲᠠᠯᠠᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠴᠢ ᠴᠢᠨᠠᠷ᠂ ᠲᠠᠶᠢᠴᠢᠨ ᠴᠢᠨᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠪᠣᠯᠪᠠᠰᠤᠷᠠᠯ ᠤᠨ ᠢᠨᠵᠧᠨᠧᠷᠢᠩ ᠢ ᠰᠠᠶᠢᠲᠤᠷ ᠠᠳᠬᠤᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠢᠯ ᠤᠨ ᠴᠢᠬᠤᠯᠠ ᠴᠢᠨᠠᠷ᠂ ᠬᠦᠨᠳᠦ ᠬᠡᠴᠡᠭᠦᠦ ᠪᠤᠳᠤᠯᠢᠶᠠᠨᠲᠤ ᠴᠢᠨᠠᠷ ᠪᠠ ᠪᠣᠳᠠᠲᠤ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠭᠤᠷᠪᠠᠨ ᠬᠦᠴᠦᠷᠬᠡᠭ ᠭᠤᠷᠪᠠᠨ ᠰᠢᠯᠢᠳᠡᠭ︾ ᠢᠶᠠᠷ ᠬᠠᠷᠠᠯᠲᠠ ᠪᠣᠯᠭᠠᠵᠤ᠂ ᠬᠤᠲᠠ ᠪᠠᠯᠭᠠᠰᠤᠨ ᠤ ᠨᠡᠶᠢᠭᠡᠮ ᠲᠣᠭᠤᠷᠢᠭ ᠪᠠ ᠮᠠᠯᠵᠢᠬᠤ ᠣᠷᠣᠨ ᠤ ᠲᠤᠤᠷᠴᠢᠯᠠᠭᠰᠠᠨ ᠪᠠᠶᠢᠷᠢᠯᠠᠭᠤᠯᠤᠯᠲᠠ ᠶᠢ ᠪᠦᠷᠢᠨᠰᠢᠭᠦᠯᠬᠦ ᠪᠠᠷ ᠭᠠᠷᠳᠠᠴᠠ ᠪᠣᠯᠭᠠᠵᠤ᠂ ᠡᠯ᠎ᠡ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠥᠪ ᠤᠨ ᠨᠠᠢᠮᠠᠨ ᠵᠣᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠠᠵᠢᠯ ᠢ ᠴᠢᠩᠭᠠᠳᠬᠠᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠠᠰᠠᠭᠤᠳᠠᠯ ᠢ ᠨᠠᠮ ᠤᠨ ᠪᠠᠶᠢᠭᠤᠯᠤᠯᠲᠠ ᠪᠠᠷ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠡᠳᠦᠷ ᠲᠤᠲᠤᠮ ᠤᠨ ᠲᠣᠬᠢᠷᠠᠭᠤᠯᠤᠯᠲᠠ ᠪᠣᠯᠤᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠦᠨᠡᠨ ᠬᠦ ᠴᠢᠯᠠᠭᠤᠨ ᠳᠡᠭᠡᠷ᠎ᠡ ᠭᠢᠰᠬᠢᠪᠡᠯ ᠮᠥᠷ ᠦᠯᠡᠳᠡᠭᠡᠬᠦ᠂ ᠲᠡᠮᠦᠷ ᠢ ᠠᠳᠬᠤᠪᠠᠯ ᠤᠷᠤᠮ ᠦᠯᠡᠳᠡᠭᠡᠬᠦ ᠡᠷᠴᠢ ᠵᠣᠷᠢᠭ ᠢᠶᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠡᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号