ᠪᠥᠬᠦ ᠬᠤᠰᠢᠭᠤᠨ ᠤ ︽5·4︾ ᠤ ᠬᠦᠬᠢᠭᠦᠯᠦᠨ ᠱᠠᠩᠨᠠᠬᠤ ᠵᠢᠴᠢ ᠵᠢᠱᠢᠶ᠎ᠡ ᠦᠵᠡᠭᠦᠯᠬᠦ ᠡᠪᠯᠡᠯ ᠳᠤ ᠣᠷᠣᠬᠤ ᠶᠣᠰᠣᠯᠠᠯ ᠶᠠᠪᠣᠭᠳᠠᠪᠠ
ᠨᠡᠶᠢᠲᠡᠯᠡᠭᠰᠡᠨ ᠴᠠᠭ᠄
2022/5/19
       ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠨᠠᠮ ᠢᠶᠠᠨ ᠡᠭᠦᠷᠢᠳᠡ ᠳᠠᠭᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠪᠥᠬᠦ ᠬᠤᠰᠢᠭᠤᠨ ᠤ ︽5·4︾ ᠤ ᠬᠦᠬᠢᠭᠦᠯᠦᠨ ᠱᠠᠩᠨᠠᠬᠤ ᠵᠢᠴᠢ ᠵᠢᠱᠢᠶ᠎ᠡ ᠦᠵᠡᠭᠦᠯᠬᠦ ᠡᠪᠯᠡᠯ ᠳᠤ ᠣᠷᠣᠬᠤ ᠶᠣᠰᠣᠯᠠᠯ ᠨᠢ 5 ᠰᠠᠷ᠎ᠠ ᠶᠢᠨ 13 ᠤ ᠡᠳᠦᠷ᠂ ᠬᠤᠰᠢᠭᠤ ᠤᠯᠠᠭᠠᠨᠮᠥ᠋ᠴᠢᠷ ᠤᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠪᠠ᠃         ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠦᠬᠡ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠦᠦ ᠸᠠᠨ ᠬᠤᠸᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠴᠢ ᠵᠢᠶᠦ᠋ᠨ ᠵᠢᠴᠢ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠣᠨ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠴᠡᠷᠢᠭ ᠴᠠᠭᠳᠠᠭ᠎ᠠ ᠴᠡᠷᠢᠭ ᠠᠩᠭᠢ᠂ ᠳᠤᠮᠳᠠᠳᠤ ᠪᠠᠭ᠎ᠠ ᠰᠤᠷᠭᠠᠭᠤᠯᠢ᠂ ᠪᠥᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠵᠠᠯᠠᠭᠤᠴᠤᠳ ᠪᠠᠭᠠᠴᠤᠳ ᠤᠨ ᠲᠥᠯᠥᠭᠡᠯᠡᠭᠴᠢ ᠵᠢᠴᠢ ᠬᠥᠬᠢᠭᠦᠯᠦᠯ ᠭᠥᠷᠳᠡᠭᠰᠡᠨ ᠬᠠᠮᠲᠤ ᠨᠡᠶᠢᠲᠡ ᠪᠠ ᠬᠤᠪᠢ ᠬᠥᠮᠦᠨ ᠶᠣᠰᠣᠯᠠᠯ ᠳᠤ ᠣᠷᠣᠯᠴᠠᠪᠠ᠃       ᠶᠣᠰᠣᠯᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠬᠥᠰᠢᠭᠡ ᠪᠠᠨ  ᠰᠡᠬᠦᠵᠡᠢ       ᠪᠦᠬᠡ ᠪᠠᠶᠠᠷ ᠤᠨ ᠶᠠᠷᠢᠶ᠎ᠠ ᠲᠠᠯᠪᠢᠵᠠᠢ᠃ ᠲᠡᠷᠡ ᠵᠢᠭᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠡᠪ ᠬᠠᠮᠲᠤ ᠵᠠᠯᠠᠭᠤᠴᠤᠳ ᠤᠨ ᠡᠪᠯᠡᠯ ᠳᠤ ᠳᠦᠷᠪᠡᠨ ᠬᠦᠰᠡᠯ ᠨᠠᠶᠢᠳᠠᠯᠭ᠎ᠠ‌‍ᠲ᠋ᠤᠷᠠᠳᠴᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠣᠯᠤᠨ ᠵᠠᠯᠠᠭᠤᠴᠤᠳ ᠤᠨ ᠠᠵᠢᠯ ᠳᠤ ᠵᠥᠪ ᠴᠢᠭᠯᠡᠯ ᠢ ᠵᠢᠭᠠᠨ ᠥᠭᠴᠦ᠂ ᠤᠷᠤᠭᠰᠢᠯᠠᠨ ᠳᠠᠪᠰᠢᠬᠤ ᠬᠦᠴᠦᠨ ᠨᠡᠮᠡᠷᠢᠯᠡᠪᠡ᠃ ᠪᠦᠬᠦ ᠬᠤᠰᠢᠭᠤᠨ ᠤ ᠥᠷᠭᠡᠨ ᠤᠯᠠᠨ ᠵᠠᠯᠠᠭᠤᠴᠤᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠬᠠᠮᠰᠠᠷ ᠠᠴᠠ ᠪᠠᠨ ᠬᠤᠪᠢ ᠬᠥᠮᠦᠨ ᠤ ᠬᠦᠰᠡᠯᠡᠩ ᠬᠥᠭᠡᠭᠡᠴᠡᠯᠳᠦᠯ ᠢᠶᠠᠨ ᠨᠠᠮ ᠪᠣᠯᠤᠨ ᠤᠯᠤᠰ ᠤᠨ ᠠᠵᠢᠯ ᠦᠢᠯᠡᠰ ᠲᠠᠢ ᠠᠭᠤᠰᠤᠯᠴᠠᠭᠤᠯᠵᠤ᠂ ︽ᠥᠷᠯᠥᠭᠡ ᠦᠳᠡᠰᠢ ᠶᠢ ᠲᠡᠮᠡᠴᠡᠨ᠂ ᠵᠠᠯᠠᠭᠤ ᠨᠠᠰᠤ ᠪᠠᠨ ᠦᠯᠦ ᠬᠥᠰᠡᠷᠳᠡᠭᠦᠯᠬᠦ︾ ᠲᠡᠮᠡᠴᠡᠯ ᠤᠨ ᠣᠪᠣᠷ ᠪᠠᠶᠢᠳᠠᠯ ᠢᠶᠠᠷ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠡᠭᠦᠨ ᠦᠵᠦᠮᠦᠴᠢᠨ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠠᠶᠠᠨ ᠵᠠᠮ ᠳᠤ᠂ ᠨᠡᠩ ᠭᠤᠶᠢᠳᠠ ᠰᠠᠶᠢᠬᠠᠨ ᠵᠠᠯᠠᠭᠤ ᠨᠠᠰᠤᠨ ᠤ ᠢᠷᠠᠭᠤ ᠬᠠᠭᠤᠳᠠᠰᠤ ᠶᠢ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢ ᠬᠦᠰᠡᠵᠦ ᠪᠠᠶᠢᠨ᠎ᠠ ᠭᠡᠵᠡᠢ᠃       ᠶᠣᠰᠣᠯᠠᠯ  ᠳᠤ᠂ 2021 ᠣᠨ ᠤ ᠪᠥᠬᠦ ᠬᠤᠰᠢᠭᠤᠨ ᠤ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ᠂ ᠪᠥᠬᠦ ᠬᠤᠰᠢᠭᠤᠨ ᠤ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ  ᠺᠠᠳ᠋ᠷ᠂ ᠪᠥᠬᠦ ᠬᠤᠰᠢᠭᠤᠨ ᠤ ︽5·4︾ ᠤ ᠤᠯᠠᠭᠠᠨ ᠲᠤᠭᠴᠢ ᠡᠪᠯᠡᠯ ᠤᠨ ᠬᠤᠷᠢᠶ᠎ᠠ᠂ ᠪᠥᠬᠦ ᠬᠤᠰᠢᠭᠤᠨ ᠤ ︽5·4︾ ᠤ ᠤᠯᠠᠭᠠᠨ ᠲᠤᠭᠴᠢ ᠡᠪᠯᠡᠯ ᠤᠨ ᠡᠭᠦᠷ ᠵᠢᠴᠢ 2021 ᠣᠨ ᠤ ︽ᠥᠭᠡᠳᠡᠷᠬᠡᠭ ᠴᠠᠶᠢᠯᠭᠠᠨ ᠵᠠᠯᠠᠭᠤᠴᠤᠳ︾᠂ ᠪᠥᠬᠦ ᠬᠤᠰᠢᠭᠤᠨ ᠤ ᠰᠢᠯᠢᠳᠡᠭ ᠵᠠᠯᠠᠭᠤᠴᠤᠳ ᠤᠨ  ᠰᠠᠶᠢᠨ ᠳᠣᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠪᠥᠬᠦ ᠬᠤᠰᠢᠭᠤᠨ ᠤ ᠰᠢᠯᠢᠳᠡᠭ ᠵᠠᠯᠠᠭᠤ ᠰᠠᠶᠢᠨ ᠳᠣᠷᠠᠴᠦᠳ ᠵᠡᠷᠭᠡ‌‍ᠶᠢ ᠬᠥᠬᠢᠭᠦᠯᠦᠨ ᠰᠠᠶᠢᠰᠢᠶᠠᠪᠠ᠃       ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠭᠰᠡᠨ ᠰᠠᠶᠢᠨ ᠵᠠᠯᠠᠭᠤ ᠠᠯᠮᠠᠰ᠂ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠯᠢᠦ ᠢ ᠨᠠᠨ ᠲᠤᠰ ᠲᠤᠰ ᠲᠡᠷᠢᠭᠦᠨ ᠤ ᠬᠤᠪᠢ ᠬᠥᠮᠦᠨ ᠪᠣᠯᠤᠨ ᠲᠡᠷᠢᠭᠦᠨ ᠤ ᠬᠠᠮᠲᠤ ᠨᠡᠶᠢᠲᠡ ᠶᠢ ᠲᠥᠯᠥᠭᠡᠯᠡᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃       ᠡᠪᠯᠡᠯ ᠳᠤ ᠨᠢᠭᠡᠳᠦᠯᠲᠡᠢ ᠣᠷᠣᠭᠤᠯᠬᠤ ᠶᠣᠰᠣᠯᠠᠯ ᠳᠤ᠂ ᠰᠢᠨ᠎ᠡ ᠡᠪᠯᠡᠯ ᠤᠨ ᠭᠡᠰᠢᠭᠦᠨ‌‍ᠤ ᠲᠥᠯᠥᠭᠡᠯᠡᠭᠴᠢ ᠳᠤ ᠡᠪᠯᠡᠯ ᠤᠨ ᠰᠦᠯᠳᠡ ᠵᠡᠭᠦᠯᠭᠡᠵᠦ᠂ ᠡᠪᠯᠡᠯ ᠤᠨ ᠲᠠᠮᠠᠭ᠎ᠠ ᠪᠠ ᠡᠪᠯᠡᠯ ᠤᠨ ᠭᠡᠰᠢᠭᠦᠨ ᠤ ᠦᠨᠡᠮᠯᠡᠯ ᠣᠯᠭᠤᠵᠤ᠂ ᠰᠢᠨ᠎ᠡ ᠡᠪᠯᠡᠯ ᠤᠨ ᠭᠡᠰᠢᠭᠦᠨ ᠤ ᠲᠥᠯᠥᠭᠡᠯᠡᠭᠴᠢ ᠡᠪᠯᠡᠯ ᠤᠨ ᠲᠤᠭ ᠲᠤ ᠲᠥᠪ ᠴᠢᠩᠭ᠎ᠠ ᠪᠠᠷ ᠲᠠᠩᠭᠠᠷᠢᠭᠯᠠᠵᠤ᠂ ᠢᠷᠠᠭᠤ ᠠᠯᠳᠠᠷᠲᠠᠶ ᠪᠠᠷ ᠡᠪ ᠬᠠᠮᠲᠤ ᠵᠠᠯᠠᠭᠤᠴᠤᠳ ᠤᠨ ᠡᠪᠯᠡᠯ ᠳᠤ ᠣᠷᠣᠪᠠ᠃       ᠶᠣᠰᠣᠯᠠᠯ ᠳᠤ ᠪᠠᠰᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠤᠯᠠᠭᠠᠨᠮᠥ᠋ᠴᠢᠷ ᠤᠨ ᠲᠣᠭᠯᠠᠭᠴᠢᠳ ᠠᠴᠠ ︽ᠰᠢᠷᠭ᠎ᠠ ᠠᠳᠤᠭᠤᠨ ᠤ ᠮᠠᠭᠲᠠᠭᠤ︾ ᠶᠢ ᠲᠣᠭᠯᠠᠨ᠂ ᠠᠵᠢᠨᠠᠶ ᠬᠦᠯᠦᠭ  ᠤᠨ ᠰᠦᠷ ᠵᠢᠪᠬᠤᠭ᠎ᠠ ᠶᠢ ᠢᠯᠡᠷᠡᠭᠦᠯᠵᠦ᠂ ᠶᠠᠷᠢᠶᠠᠲᠤ ᠵᠦᠴᠦᠭᠡ ︽ᠣᠴᠢ ᠶᠢᠨ ᠭᠠᠯ︾ ᠨᠢ ᠲᠠᠪᠤᠨ ᠰᠠᠷ᠎ᠠ ᠶᠢᠨ ᠭᠤᠴᠢᠨ ᠤ ᠬᠥᠳᠡᠯᠭᠡᠭᠡᠨ ᠤ ᠲᠡᠦᠬᠡᠨ ᠪᠠᠶᠢᠳᠠᠯ ᠢ ᠳᠠᠬᠢᠨ ᠬᠠᠷᠠᠭᠤᠯᠤᠨ᠂ ᠳᠤᠮᠳᠠᠳᠤ ᠤᠯᠤᠰ ᠤᠨ ᠠᠷᠠᠳ ᠲᠦᠮᠡᠨ ᠡᠵᠡᠷᠬᠡᠭ ᠲᠦᠷᠢᠮᠡᠬᠡᠶᠢᠲᠡᠨ ᠤ ᠬᠠᠷᠭᠢᠰ ᠬᠡᠷᠴᠡᠭᠡᠶ ᠮᠥᠯᠵᠢᠯ ᠢ ᠡᠷᠡᠯᠬᠡᠭ ᠢᠶᠠᠷ ᠡᠰᠡᠷᠭᠦᠴᠡᠵᠦ᠂ ᠶᠡᠭᠡ ᠬᠤᠪᠢᠰᠬᠠᠯ ᠤᠨ ᠥᠷᠨᠢᠯᠲᠡ ᠶᠢᠨ ᠬᠥᠰᠢᠭᠡ ᠶᠢ ᠰᠡᠬᠦᠭᠰᠡᠨ ᠵᠡᠷᠭᠡ ᠶᠢ ᠲᠣᠭᠯᠠᠨ ᠦᠵᠡᠭᠦᠯᠵᠦ᠂ ᠱᠤᠭ ᠵᠦᠴᠦᠭᠡ ︽ᠬᠠᠷᠠᠮ ᠥᠬᠡᠶ ᠵᠣᠷᠢᠭᠤᠯᠬᠤ ᠰᠡᠳᠬᠢᠯ︾ ᠨᠢ ︽ᠬᠠᠷᠢᠯᠴᠠᠨ ᠬᠠᠪᠰᠤᠷᠤᠯᠴᠠᠬᠤ᠂ ᠨᠥᠬᠦᠷᠰᠡᠭ ᠳᠣᠲᠣᠨᠣ᠂ ᠬᠠᠷᠠᠮ ᠥᠬᠡᠶ ᠵᠣᠷᠢᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠮᠠᠭᠲᠠᠨ ᠳᠠᠭᠤᠯᠠᠵᠤ᠂ ᠥᠷᠭᠡᠨ ᠣᠯᠠᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠶ ᠣᠷᠣᠯᠴᠠᠵᠤ᠂ ᠨᠡᠶᠢᠭᠡᠮ ᠨᠡᠶᠢᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠰᠠᠨᠠᠭᠠᠴᠢᠯᠠᠪᠠ᠃ ︽ᠵᠠᠯᠠᠭᠤ ᠨᠠᠰᠤ ᠪᠠᠨ ᠨᠠᠮ ᠳᠠᠭᠠᠨ ᠵᠣᠷᠢᠭᠤᠯᠵᠤ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠶ᠎ᠠ︾ ᠭᠡᠬᠦ ᠤᠶᠠᠩᠭᠠᠯᠠᠯ ᠨᠢ ᠪᠦᠬᠦ ᠬᠤᠰᠢᠭᠤᠨ ᠤ ᠡᠯ᠎ᠡ ᠹᠷᠣᠨᠲ ᠤᠨ ᠵᠠᠯᠠᠭᠤᠴᠤᠳ ᠤᠨ ᠦᠢᠯᠡᠳᠦᠯᠭᠡ ᠶᠢᠨ ᠳᠤᠮᠳᠠ ᠭᠠᠪᠢᠶ᠎ᠠ ᠪᠠᠶᠢᠭᠤᠯᠵᠤ ᠦᠢᠯᠡᠰ ᠪᠤᠰᠬᠠᠬᠰᠠᠨ ᠰᠡᠳᠬᠢᠯ ᠬᠥᠳᠡᠯᠭᠡᠮ᠎ᠡ ᠦᠯᠢᠬᠡᠷ ᠢ ᠲᠣᠭᠠᠴᠢᠵᠤ᠂  ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ  ᠨᠠᠶᠢᠷᠠᠯ ᠳᠠᠭᠤᠣ ᠨᠢ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠢᠳᠡᠷᠡᠭᠦᠨ ᠳᠣᠷᠪᠢᠯᠢᠭ᠂ ᠢᠳᠡᠪᠬᠢᠲᠡᠶ ᠥᠭᠡᠳᠡᠯᠡᠨ‌‍ᠲ᠋ᠠᠪᠰᠢᠭᠰᠠᠨ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢ ᠢᠯᠡᠷᠡᠭᠦᠯᠪᠡ᠃       ᠠᠵᠢᠯᠯᠠᠭ᠎ᠠ ᠨᠢ ᠡᠪᠯᠡᠯ ᠤᠨ ᠳᠠᠭᠤᠤ ᠶᠢᠨ ᠳᠤᠮᠳᠠ ᠥᠨᠳᠥᠷᠯᠡᠵᠦ᠂ ᠡᠪᠯᠡᠯ ᠤᠨ ᠭᠡᠰᠢᠭᠦᠳ ᠬᠠᠮᠲᠦ ᠪᠠᠷ ᠡᠪᠯᠡᠯ ᠤᠨ ᠳᠠᠭᠤᠤ ᠶᠢ ᠳᠠᠭᠤᠯᠠᠵᠦ᠂ ᠥᠷᠭᠡᠨ ᠣᠯᠠᠨ ᠵᠠᠯᠠᠭᠤᠴᠤᠳ ᠤᠨ ᠵᠠᠯᠠᠭᠤ ᠨᠠᠰᠤᠨ ᠤ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠪᠠᠷ ᠡᠭᠦᠷᠭᠡᠯᠡᠬᠦ ᠤᠯᠤᠰ ᠢᠶᠠᠨ ᠬᠠᠶᠢᠷᠠᠯᠠᠬᠤ ᠰᠡᠳᠬᠢᠯ ᠢ ᠢᠯᠡᠳᠬᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号