ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯᠲᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠲᠤᠰᠬᠠᠶ ᠰᠡᠳᠦᠪᠲᠦ ᠪᠣᠯᠪᠠᠰᠤᠷᠠᠯ ᠶᠠᠪᠣᠭᠳᠠᠪᠠ
ᠨᠡᠶᠢᠲᠡᠯᠡᠭᠰᠡᠨ ᠴᠠᠭ᠄
2022/5/19
      5 ᠰᠠᠷ᠎ᠠ‌‍ᠶᠢᠨ 14 ᠤ ᠡᠳᠦᠷ᠂ ᠮᠠᠨ ᠤ ᠬᠤᠰᠢᠭᠤ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯᠲᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠤ ᠸᠧ ᠮᠢᠨ ᠪᠣᠯᠪᠠᠰᠣᠷᠠᠯ ᠡᠬᠢᠯᠡᠬᠦ ᠶᠣᠰᠣᠯᠠᠯ ᠳᠤ ᠣᠷᠤᠯᠴᠠᠨ ᠶᠠᠷᠢᠶ᠎ᠠ ᠲᠠᠯᠪᠢᠵᠤ᠂ ᠳᠡᠳ᠋ ᠬᠤᠰᠢᠭᠤ ᠳᠠᠷᠤᠭ᠎ᠠ ᠶᠣᠣ ᠬᠠᠶ ᠰᠢᠶᠠ ᠪᠣᠯᠪᠠᠰᠣᠷᠠᠯ ᠡᠬᠢᠯᠡᠬᠦ ᠶᠣᠰᠣᠯᠠᠯ ᠢ ᠡᠷᠭᠢᠯᠡᠪᠡ᠃ ᠬᠤᠰᠢᠭᠤ ᠰᠤᠷᠭᠠᠨ ᠬᠥᠮᠦᠵᠢᠯ ᠤᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠠᠮᠢᠶ᠎ᠠ ᠪᠦᠬᠦᠢ ᠺᠠᠳ᠋ᠷ ᠠᠵᠢᠯᠲᠠᠨ᠂ ᠦᠵᠡᠯ ᠰᠠᠨᠠᠭ᠎ᠠ‌ᠤᠯᠤᠰ ᠲᠥᠷᠥ ᠶᠢᠨ ᠪᠠᠭᠰᠢ ᠨᠡᠶᠢᠲᠡ 170 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃      ᠵᠧᠦ ᠸᠧ ᠮᠢᠨ ᠴᠢᠬᠤᠯᠠᠴᠢᠯᠠᠬᠤ ᠳᠠᠭᠠᠨ᠂ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠳᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠢᠯᠡ ᠲᠣᠳᠣ ᠭᠤᠣᠯ ᠰᠢᠵᠢᠮ ᠢ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠢ ᠭᠦᠢᠴᠡᠳ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠶᠣᠰᠣ ᠰᠣᠷᠲᠠᠬᠤᠨ‌‍ᠢᠶ᠋ᠠᠷ ᠬᠦᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠬᠤ ᠬᠡᠷᠡᠭᠲᠡᠢ᠃ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠭᠦᠨ ᠤ ᠤᠯᠠᠮ ᠢᠶᠠᠷ ᠤᠯᠤᠰ ᠲᠥᠷᠥ ᠶᠢᠨ ᠬᠤᠷᠴᠠ ᠰᠡᠷᠭᠡᠭ ᠴᠢᠨᠠᠷ᠂ ᠤᠯᠤᠰ ᠲᠥᠷᠥ ᠶᠢᠨ ᠢᠯᠭᠠᠨ ᠲᠠᠨᠢᠬᠤ ᠴᠢᠳᠠᠪᠤᠷᠢ ᠪᠠ ᠦᠨᠳᠦᠰᠦᠲᠡᠨ ᠤ ᠠᠵᠢᠯ ᠢ ᠠᠬᠢᠭᠤᠯᠬᠤ ᠪᠣᠳᠠᠲᠠᠶ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ ᠶᠢᠨ  ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠵᠢᠨ‌ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠵᠡᠯ ᠰᠠᠨᠠᠭ᠎ᠠ ᠤᠯᠤᠰ ᠲᠦᠷᠦ ᠶᠢᠨ ᠰᠦᠭ ᠰᠦᠨᠡᠰᠦ ᠶᠢ ᠬᠢᠴᠢᠶᠡᠯ ᠤᠨ ᠲᠠᠩᠬᠢᠮ ᠤᠨ ᠳᠣᠲᠣᠨ᠎ᠠ ᠭᠠᠳᠠᠨᠠᠬᠢ ᠬᠥᠮᠦᠨ ᠬᠥᠮᠦᠵᠢᠭᠦᠯᠬᠦ ᠪᠦᠬᠦ ᠶᠠᠪᠤᠴᠠ ᠳᠤ ᠠᠭᠤᠰᠤᠯᠴᠠᠭᠤᠯᠬᠤ ᠶᠢᠨ ᠬᠠᠮᠲᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠣᠷᠴᠢᠨ ᠲᠣᠭᠤᠷᠢᠨ ᠤ ᠬᠥᠮᠦᠨ ᠬᠥᠮᠦᠵᠢᠭᠦᠯᠬᠦ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠩᠭᠠᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠪᠠ ︽ᠭᠤᠷᠪᠠᠨ ᠰᠠᠯᠵᠤ ᠴᠢᠳᠠᠬᠤ ᠦᠭᠡᠢ︾ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠶᠢ ᠰᠤᠷᠤᠭᠴᠢᠳ ᠤᠨ ᠰᠡᠳᠬᠢᠯ ᠳᠤ ᠭᠦᠨ ᠬᠠᠳᠠᠩᠰᠢᠭᠤᠯᠬᠤ ᠬᠡᠷᠡᠭᠲᠡᠢ᠃ ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠨ ᠰᠤᠷᠤᠯᠴᠠᠯᠭ᠎ᠠ ᠶᠢᠨ ᠲᠠᠯ᠎ᠠ ᠪᠠᠷ ᠳᠠᠪᠰᠢᠯᠲᠠ ᠲᠠᠢ᠂ ᠦᠵᠡᠯ ᠰᠠᠨᠠᠭᠠᠨ ᠤ ᠲᠠᠯ᠎ᠠ ᠪᠠᠷ ᠳᠡᠭᠡᠭᠰᠢᠯᠡᠯᠲᠡ ᠲᠠᠢ᠂ ᠠᠵᠢᠯ ᠤᠨ ᠲᠠᠯ᠎ᠠ ᠪᠠᠷ ᠠᠬᠢᠭᠤᠯᠬᠤ ᠵᠣᠷᠢᠯᠭ᠎ᠠ ᠳᠤ ᠦᠨᠡᠨ ᠬᠦ ᠬᠦᠷᠴᠦ᠂ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠨ ᠤ ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠳᠤᠮᠳᠠ ᠡᠮᠦᠨ᠎ᠡ ᠨᠢ ᠬᠤᠰᠢᠭᠤᠷᠠᠵᠤ᠂ ᠥᠯᠢᠭᠡᠷ ᠳᠠᠭᠤᠷᠢᠶᠠᠯ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠪᠣᠯᠪᠠᠰᠤᠷᠠᠯ ᠳᠤ᠂ ᠬᠤᠰᠢᠭᠤ ᠨᠠᠮ ᠤᠨ ᠰᠤᠷᠭᠠᠭᠤᠯᠢ ᠶᠢᠨ ᠪᠠᠭᠰᠢ ᠵᠣᠷᠢᠭᠲᠤ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠳᠤᠷᠠᠳᠤᠭᠰᠠᠨ ᠶᠠᠪᠤᠴᠠ᠂ ᠭᠤᠤᠯ ᠠᠭᠤᠯᠭ᠎ᠠ ᠪᠠ ᠴᠢᠬᠤᠯᠠ ᠠᠴᠢ ᠬᠤᠯᠪᠣᠭᠳᠠᠯ ᠵᠡᠷᠭᠡ ᠲᠠᠯ᠎ᠠ ᠪᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠭᠤᠤᠯ ᠠᠭᠤᠯᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠪᠤᠯᠪᠠᠰᠤᠷᠠᠯ ᠳᠤ ᠤᠷᠤᠯᠴᠠᠭᠰᠠᠳ ᠲᠤ ᠨᠢᠭᠡ‌ᠤᠳᠠᠭᠠᠨ ᠤ ᠳᠡᠭᠡᠳᠦ ᠬᠡᠮᠵᠢᠶᠡᠨ ᠤ᠂ ᠭᠦᠨᠴᠡ ᠲᠠᠢ᠂ ᠴᠢᠨᠠᠷ ᠰᠠᠶᠢᠲᠠᠶ ᠪᠣᠯᠪᠠᠰᠤᠷᠠᠯ ᠬᠦᠷᠲᠡᠭᠡᠪᠡ᠃ ᠪᠣᠯᠪᠠᠰᠣᠷᠠᠯ ᠳᠠᠭᠤᠰᠣᠭᠰᠠᠨ ᠤ ᠳᠠᠷᠠᠭ᠎ᠠ ᠪᠣᠯᠪᠠᠰᠦᠷᠠᠯ ᠳᠤ ᠣᠷᠣᠯᠴᠠᠭᠰᠠᠳ ᠠᠴᠠ᠂  ᠪᠣᠯᠪᠠᠰᠣᠷᠠᠯ ᠤᠨ ᠠᠭᠤᠯᠭ᠎ᠠ ᠨᠢ ᠡᠯᠪᠡᠭ ᠪᠠᠶᠠᠯᠢᠭ᠂ ᠮᠡᠳᠡᠭᠡ ᠵᠠᠩᠭᠢ ᠶᠢᠨ ᠬᠡᠮᠵᠢᠶ᠎ᠡ ᠶᠡᠭᠡ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠲᠣᠰ ᠤᠳᠠᠭᠠᠨ ᠤ ᠪᠤᠯᠪᠠᠰᠤᠷᠠᠯ ᠳᠤ ᠣᠷᠣᠯᠴᠠᠬᠤ ᠪᠠᠷ ᠳᠡᠮᠵᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠲᠠᠨᠢᠯᠲᠠ ᠪᠠ ᠣᠶᠢᠯᠠᠭᠠᠯᠲᠠ ᠪᠠᠨ ᠳᠡᠭᠡᠭᠰᠢᠯᠡᠭᠦᠯᠦᠭᠰᠡᠨ ᠪᠠᠶᠢᠨ᠎ᠠ ᠭᠡᠵᠡᠭᠡᠪᠡ᠃      ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ᠂ ᠪᠣᠯᠪᠠᠰᠤᠷᠠᠯ ᠳᠤ ᠣᠷᠣᠯᠴᠠᠭᠰᠠᠨ ᠪᠥᠬᠦ ᠬᠥᠮᠦᠰ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠴᠣᠭᠴᠠᠯᠠᠬᠤ︾ ᠪᠠᠷ ᠭᠤᠤᠯ ᠰᠡᠳᠦᠪ ᠪᠣᠯᠭᠠᠨ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠪᠠ᠃ ᠪᠣᠯᠪᠠᠰᠣᠷᠠᠯ ᠳᠤ ᠣᠷᠣᠯᠴᠠᠭᠰᠠᠳ ᠲᠤᠬᠠᠶ ᠶᠢᠨ ᠲᠠᠯᠠᠪᠠᠶ ᠳᠤ ᠰᠠᠨᠠᠯ ᠢᠶᠠᠨ ᠰᠣᠯᠢᠯᠴᠠᠵᠤ᠂ ᠣᠯᠤᠯᠲᠠ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠣᠯᠠᠨ ᠢᠶᠠᠷ ᠢᠶᠠᠨ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠣᠶ ᠪᠣᠯᠭᠠᠵᠤ᠂ ᠤᠯᠤᠰ ᠤᠨ ᠬᠠᠮᠤᠭ ᠤᠨ ᠳᠡᠭᠡᠳᠦ ᠠᠰᠢᠭ ᠲᠤᠰᠠ ᠪᠠ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠬᠢᠵᠢᠭᠦᠯᠦᠨ᠎ᠡ ᠭᠡᠵᠦ ᠢᠯᠡᠳᠬᠡᠵᠡᠭᠡᠪᠡ᠃      5 ᠰᠠᠷ᠎ᠠ ᠶᠢᠨ 15 ᠤ ᠡᠳᠦᠷ᠂ ᠪᠣᠯᠪᠠᠰᠤᠷᠠᠯ ᠳᠤ ᠣᠷᠣᠯᠴᠠᠭᠰᠠᠨ ᠪᠥᠬᠦ ᠬᠦᠮᠦᠰ ᠪᠣᠯᠪᠠᠰᠣᠷᠠᠯ ᠲᠡᠭᠦᠰᠬᠦ ᠰᠢᠯᠭᠠᠯᠲᠠ ᠳᠤ ᠣᠷᠣᠯᠴᠠᠵᠤ᠂ ᠰᠢᠯᠭᠠᠯᠲᠠ ᠨᠢ ᠬᠠᠭᠠᠯᠲᠠ ᠶᠢᠨ ᠬᠡᠯᠪᠡᠷᠢ ᠪᠠᠷ ᠶᠠᠪᠤᠭᠳᠠᠪᠠ᠃ ᠰᠢᠯᠭᠠᠯᠲᠠ ᠶᠢᠨ ᠶᠠᠪᠤᠴᠠ ᠳᠤ᠂  ᠪᠦᠭᠦᠳᠡᠭᠡᠷ ᠰᠡᠳᠬᠢᠯ ᠲᠠᠯᠪᠢᠨ ᠬᠠᠷᠢᠭᠤᠯᠵᠤ᠂ ᠲᠣᠭᠲᠠᠭᠰᠠᠨ ᠴᠠᠭ ᠤᠨ ᠳᠣᠲᠣᠷ᠎ᠠ ᠰᠡᠳᠦᠪ ᠢᠶᠠᠨ ᠬᠠᠷᠢᠭᠤᠯᠵᠤ ᠳᠠᠭᠤᠰᠤᠨ᠂ ᠪᠦᠬᠦ᠋ᠢᠯᠡ ᠰᠢᠯᠭᠠᠯᠲᠠ ᠶᠢᠨ ᠶᠠᠪᠤᠴᠠ ᠲᠥᠪ ᠴᠢᠩᠭ᠎ᠠ ᠨᠠᠷᠢᠨ ᠬᠢᠨᠠᠮᠠᠭᠠᠢ᠂ ᠡᠮᠬᠢ ᠴᠡᠭᠴᠡ ᠲᠠᠢ ᠪᠠᠶᠢᠵᠤ᠂ ᠨᠡᠯᠢᠶᠡᠳ ᠰᠠᠶᠢᠨ ᠦᠷ᠎ᠡ ᠪᠦᠲᠦᠮᠵᠢ ᠣᠯᠵᠤ᠂ ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠬᠤ᠂ ᠮᠡᠳᠡᠯᠭᠡ ᠪᠠᠷ ᠠᠵᠢᠯᠯᠠᠭ᠎ᠠ ᠶᠢ ᠠᠬᠢᠭᠤᠯᠬᠤ᠂ ᠰᠤᠷᠤᠯᠴᠠᠯᠭ᠎ᠠ ᠶᠢ ᠭᠦᠨᠵᠡᠭᠡᠶᠢᠷᠡᠭᠦᠯᠬᠦ ᠵᠣᠷᠢᠯᠭ᠎ᠠ ᠳᠠᠭᠠᠨ ᠬᠦᠷᠴᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号