ᠰᠢᠯᠢ ᠶᠢᠨ ᠭᠤᠤᠯ ᠠᠶᠢᠮᠠᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠮᠡᠳᠡᠯᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2022/5/19
     ᠬᠡᠦᠬᠡᠳ ᠤᠨ ᠴᠡᠴᠡᠷᠯᠢᠭ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠡᠦᠬᠡᠳ ᠤᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ  ᠲᠦᠯᠦᠭᠡ᠂ 5 ᠰᠠᠷ᠎ᠠ‌‍ᠶᠢᠨ 13 ᠤ ᠡᠳᠦᠷ᠂ ᠰᠢᠯᠢ ᠶᠢᠨ ᠭᠤᠤᠯ ᠠᠶᠢᠮᠠᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠨᠢ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠮᠡᠳᠡᠯᠭᠡ ᠶᠢᠨ ᠤᠷᠤᠯᠳᠤᠭᠠᠨ ᠡᠷᠬᠢᠯᠡᠨ ᠶᠠᠪᠤᠭᠳᠠᠭᠤᠯᠵᠠᠢ᠃        ᠲᠤᠰ ᠤᠳᠠᠭᠠᠨ ᠤ ᠤᠷᠤᠯᠳᠤᠭᠠᠨ ᠳᠤ ᠬᠤᠰᠢᠭᠤ ᠬᠤᠶᠠᠳᠤᠭᠠᠷ ᠬᠡᠤᠬᠡᠳ ᠤᠨ ᠴᠡᠴᠡᠷᠯᠢᠭ ᠤᠨ 8 ᠶᠡᠭᠡ‌ᠠᠩᠭᠢ ᠶᠢᠨ ᠠᠩᠭᠢ ᠪᠦᠷᠢ ᠠᠴᠠ 3 ᠬᠡᠦᠬᠡᠳ ᠤᠷᠤᠯᠴᠠᠵᠠᠢ᠃ ᠤᠷᠤᠯᠳᠤᠭᠠᠨ ᠨᠢ ᠵᠠᠪᠠᠯ ᠬᠠᠷᠢᠭᠤᠯᠬᠤ᠂ ᠰᠢᠪᠠᠭ᠎ᠠ ᠰᠤᠭᠤᠯᠵᠤ ᠰᠡᠳᠦᠪ ᠬᠠᠷᠢᠭᠤᠯᠬᠤ᠂ ᠪᠠᠭᠰᠢ ᠶᠢᠨ ᠲᠦᠭᠰᠢᠭᠦᠷᠢᠲᠦ ᠰᠡᠲᠦᠪ ᠭᠡᠬᠦ ᠭᠤᠷᠪᠠᠨ ᠱᠠᠲᠤ ᠲᠤᠬᠢᠷᠠᠭᠤᠯᠵᠤ᠂ ᠡᠯ᠎ᠡ ᠠᠩᠭᠢ ᠶᠢᠨ ᠬᠢᠨ ᠢᠳᠡᠪᠬᠢᠲᠡᠶ ᠪᠠᠷ ᠰᠡᠳᠦᠪ ᠬᠠᠷᠢᠭᠤᠯᠵᠤ᠂  ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠲᠦᠢᠯ ᠤᠨ ᠬᠥᠷ ᠬᠥᠭᠵᠢᠶᠡᠨ ᠲᠠᠢ ᠶᠠᠪᠤᠭᠳᠠᠵᠠᠢ᠃ ᠤᠷᠤᠯᠳᠤᠭᠠᠨ ᠤ ᠰᠡᠳᠦᠪ ᠨᠢ ᠬᠡᠦᠬᠡᠳ ᠤᠨ ᠠᠮᠢᠳᠤᠷᠠᠯ ᠲᠠᠢ ᠨᠢᠭᠲᠠ ᠬᠤᠯᠪᠣᠭᠳᠠᠵᠤ᠂ ᠠᠳᠠᠯᠢ ᠪᠤᠰᠤ ᠣᠷᠴᠢᠨ ᠲᠣᠭᠤᠷᠢᠨ ᠪᠠ ᠣᠷᠴᠢᠨ ᠲᠣᠭᠤᠷᠢᠨ ᠳᠤ ᠬᠤᠯᠪᠣᠭᠳᠠᠬᠤ ᠦᠶ᠎ᠡ ᠶᠢᠨ ᠭᠠᠯ ᠤᠨᠲᠠᠷᠠᠭᠠᠬᠤ ᠠᠮᠤᠷ ᠲᠦᠪᠰᠢᠨ ᠵᠢᠴᠢ ᠭᠠᠯ ᠤᠨ ᠠᠶᠤᠯ ᠤᠨ ᠲᠦᠭᠰᠢᠭᠦᠷᠢ ᠶᠢ ᠮᠡᠳᠡᠭᠡᠯᠡᠬᠦ᠂ ᠠᠮᠢ ᠵᠢᠭᠤᠲᠠᠬᠤ ᠳᠤ ᠠᠩᠬᠠᠷᠬᠤ ᠵᠦᠢᠯᠡᠰ ᠢ ᠬᠠᠮᠤᠷᠴᠤ᠂ ᠵᠢᠱᠢᠶᠡᠯᠡᠪᠡᠯ ᠭᠡᠷ ᠪᠦᠯᠢ ᠶᠢᠨ ᠪᠠᠶᠢᠩᠭᠤ ᠶᠢᠨ ᠠᠮᠢᠳᠤᠷᠠᠯ ᠳᠠᠬᠢ ᠭᠠᠯ ᠤᠨ ᠠᠶᠤᠯ ᠢ ᠰᠡᠷᠭᠡᠶᠢᠯᠡᠬᠦ᠂ ᠬᠡᠦᠬᠡᠳ ᠤᠨ ᠴᠡᠴᠡᠷᠯᠢᠭ ᠤᠨ ᠬᠠᠮᠲᠤ ᠶᠢᠨ ᠠᠮᠢᠳᠤᠷᠠᠯ ᠳᠠᠬᠢ ᠭᠠᠯ ᠤᠨᠲᠠᠷᠠᠭᠠᠬᠤ ᠠᠮᠤᠷ ᠲᠦᠪᠰᠢᠨ᠂ ᠣᠯᠠᠨ ᠨᠡᠶᠢᠲᠡ ᠶᠢᠨ ᠲᠠᠯᠠᠪᠤᠷ ᠲᠠᠬᠢ ᠭᠠᠯ ᠤᠨᠲᠠᠷᠠᠭᠠᠵᠤ ᠠᠮᠢ ᠵᠢᠭᠤᠲᠠᠬᠤ ᠵᠡᠷᠭᠡ ᠪᠣᠯᠤᠨ᠎ᠠ᠃      ᠥᠷᠢᠰᠥᠯᠳᠦᠭᠡᠨ ᠢᠶᠠᠷ ᠳᠠᠮᠵᠢᠨ᠂  ᠶᠡᠭᠡ 93 ᠠᠩᠭᠢ ᠶᠢᠨ ᠬᠢᠨ ᠨᠢᠭᠡᠳᠦᠭᠡᠷ ᠲᠤ ᠣᠷᠣᠵᠤ᠂ ᠶᠡᠭᠡ 94 ᠠᠩᠭᠢ ᠶᠢᠨ ᠬᠢᠨ ᠬᠤᠶᠠᠳᠤᠭᠠᠷ ᠲᠤ ᠣᠷᠣᠵᠤ᠂  ᠶᠡᠭᠡ 90 ᠠᠩᠭᠢ ᠶᠢᠨ ᠬᠢᠨ ᠭᠤᠷᠪᠠᠳᠤᠭᠠᠷ ᠲᠤ ᠣᠷᠣᠵᠠᠶ᠃      ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠬᠡᠦᠬᠡᠳ ᠤᠨ ᠴᠡᠴᠡᠷᠯᠢᠭ ᠤᠨ ᠶᠡᠭᠡ ᠠᠩᠭᠢ ᠶᠢᠨ ᠪᠦᠬᠦ ᠬᠡᠦᠬᠡᠳ ᠵᠢᠴᠢ ᠬᠡᠦᠬᠡᠳ ᠤᠨ ᠴᠡᠴᠡᠷᠯᠢᠭ ᠤᠨ ᠪᠠᠭᠰᠢ ᠨᠠᠷ ᠢ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠳᠤ ᠨᠢᠭᠡ ᠤᠳᠠᠭᠠᠨ ᠤ ᠰᠢᠨ᠎ᠡ ᠣᠶᠢᠯᠠᠭᠠᠯᠲᠠ ᠲᠠᠢ ᠪᠣᠯᠭᠠᠭᠰᠠᠨ ᠪᠥᠭᠡᠳ ᠪᠠᠰᠠ ᠬᠡᠦᠬᠡᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠪᠣᠯᠤᠨ ᠮᠡᠷᠭᠡᠵᠢᠯ ᠴᠢᠳᠠᠪᠤᠷᠢ ᠶᠢᠨ ᠡᠵᠡᠮᠰᠢᠯ ᠪᠣᠯᠤᠨ ᠬᠡᠷᠡᠭᠯᠡᠯᠲᠡ ᠶᠢ ᠴᠢᠩᠭᠠᠷᠠᠭᠤᠯᠵᠤ᠂ ᠬᠡᠦᠬᠡᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠨᠡᠩ ᠢᠯᠡᠭᠦᠦ ᠨᠡᠮᠡᠭᠳᠡᠭᠦᠯᠵᠡᠢ᠃        ᠬᠡᠦᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠄ ᠲᠣᠰ ᠤᠳᠠᠭᠠᠨ ᠤ ᠠᠵᠢᠯᠯᠠᠭ᠎ᠠ ᠨᠢ ᠬᠡᠦᠬᠡᠳ ᠤᠳ ᠲᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠥᠮᠦᠵᠢᠯ ᠢ ᠮᠠᠰᠢ ᠰᠠᠶᠢᠨ ᠬᠦᠷᠲᠡᠭᠡᠭᠰᠡᠨ ᠢᠶᠠᠷ ᠪᠠᠷᠠᠬᠤ ᠥᠬᠡᠶ᠂ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠢ ᠤᠯᠠᠮ ᠨᠢᠭᠡ ᠠᠯᠬᠤᠮ ᠲᠤᠳᠤᠷᠬᠠᠶᠢᠯᠠᠵᠠᠢ᠃ ᠡᠶᠢᠮᠦᠷᠬᠦ ᠠᠵᠢᠯᠯᠠᠭ᠎ᠠ ᠶᠢ ᠬᠤᠶᠢᠰᠢᠳᠠ ᠪᠢᠳᠡ ᠪᠠᠰᠠ ᠠᠳᠠᠯᠢ ᠪᠤᠰᠤ ᠬᠡᠯᠪᠡᠷᠢ ᠪᠠᠷ ᠦᠷᠭᠦᠯᠵᠢ ᠥᠷᠨᠢᠭᠦᠯᠵᠦ᠂ ᠪᠣᠶ ᠪᠥᠬᠦᠶ ᠬᠡᠦᠬᠡᠳ ᠵᠢᠴᠢ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠠᠵᠢᠯ ᠢ ᠴᠠᠭ ᠢᠮᠠᠭᠲᠠ ᠰᠡᠳᠬᠢᠯ ᠳᠡᠭᠡᠨ ᠬᠠᠳᠠᠩᠰᠢᠭᠤᠯᠵᠤ ᠶᠠᠪᠤᠨ᠎ᠠ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号